| | | | | | | ᠨᠢᠩᠴᠧᠩ ᠰᠢᠶᠠᠨ ᠤ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠡᠮ | ᠡᠮᠨᠡᠯᠭᠡ ᠶᠢᠨ ᠪᠠᠲᠤᠯᠠᠪᠤᠷᠢ ᠶᠢᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ | ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠠᠵᠢᠯ ᠳᠠᠬᠢ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ | ᠪᠣᠯ᠄ | ︵ᠨᠢᠭᠡ︶ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ | ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠳᠦᠷᠢᠮ᠂ ᠲᠥᠯᠦᠪᠵᠢᠭᠦᠯᠭᠡ᠂ ᠬᠠᠮᠢᠶᠠᠷᠤᠯᠲᠠ ᠶᠢᠨ | ᠠᠷᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠥᠬᠦ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ | ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠬᠡᠷᠡᠭᠵᠢᠭᠦᠯᠦᠨ᠎ᠡ᠃ | ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ | ᠨᠢᠭᠡᠳᠦᠯᠲᠡᠢ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠷᠳᠤ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠳᠥᠷᠪᠡ︶ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ | ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ | ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠳᠠᠭᠠᠳᠬᠠᠯ ᠤᠨ ᠭᠠᠷᠴᠠᠭ ᠢ | ᠵᠥᠪᠰᠢᠶᠡᠷᠡᠨ ᠣᠷᠣᠭᠤᠯᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ | ︵ᠲᠠᠪᠤ︶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ | ᠳ᠋ᠦᠩᠨᠡᠨ ᠪᠤᠳᠤᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ | ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ | ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ | ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠡᠮᠴᠢᠯᠡᠭᠡᠨ ᠤ ᠳᠠᠭᠠᠳᠬᠠᠯ ᠤᠨ ᠲᠥᠯᠥᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ | ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠬᠡᠷᠡᠭᠵᠢᠭᠦᠯᠵᠦ᠂ | ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ | ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ | ᠠᠬᠢᠭᠤᠯᠤᠨ᠎ᠠ᠃ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ | ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ | ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ | ︵ᠵᠢᠷᠭᠤᠭ᠎ᠠ︶ ᠴᠢᠭ᠋ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ᠂ ᠲᠣᠭᠠᠴᠠᠭ᠎ᠠ ᠬᠢᠬᠦ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ | ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ | ᠦᠢᠯᠡᠴᠢᠯᠡᠭᠡᠨ ᠤ ᠦᠶᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ | ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ | ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠳᠣᠯᠤᠭ᠎ᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠣ | ᠭᠠᠵᠠᠷ ᠲᠤ ᠡᠮᠨᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ | ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ | ᠰᠣᠯᠢᠯᠴᠠᠭ᠎ᠠ ᠶᠢ ᠠᠬᠢᠭᠤᠯᠤᠨ᠎ᠠ᠃ | ︵ᠶᠢᠰᠦ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠨᠦᠭᠦᠳ ᠢ ᠪᠡᠶᠡᠯᠡᠭᠦᠯᠦᠨ᠎ᠡ᠃ | ᠠᠵᠢᠯᠯᠠᠬᠤ ᠭᠠᠵᠠᠷ᠄ ᠨᠢᠩᠴᠧᠩ ᠰᠢᠶᠠᠨ ᠤ ᠶᠠᠨᠵᠢᠩ ᠵᠡᠭᠡᠯᠢ ᠶᠢᠨ 1 ᠳ᠋ᠤᠭᠡᠷ ᠨᠣᠮᠧᠷ ᠤᠨ ᠨᠢᠩᠴᠧᠩ ᠰᠢᠶᠠᠨ ᠤ | ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ | ᠠᠵᠢᠯᠯᠠᠬᠤ ᠴᠠᠭ᠄ ᠠᠵᠢᠯᠯᠠᠬᠤ ᠡᠳᠦᠷ 8᠄ 30 ︱ 12᠄ 00 14᠄ 30 ︱ 17᠄ 30 | ᠬᠠᠷᠢᠯᠴᠠᠬᠤ ᠬᠡᠯᠪᠡᠷᠢ᠄ 0476 ︱ 4222616 | ᠬᠠᠷᠢᠭᠤᠴᠠᠯᠭᠠᠲᠠᠨ᠄ ᠦ᠋ ᠭᠥᠸᠧ ᠾᠦᠢ | | |