| | ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ | ᠨᠢᠩᠴᠧᠩ ᠰᠢᠶᠠᠨ ᠤ ᠡᠷᠦᠬᠡ ᠠᠮᠠ ᠶᠢᠨ ᠲᠠᠩᠰᠠ ᠲᠠᠢ᠂ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠳ | ᠭᠤᠶᠤᠴᠢᠯᠠᠯ ᠤᠨ ᠲᠠᠩᠰᠠ ᠡᠪᠬᠡᠮᠡᠯ ᠢᠶᠠᠨ ᠲᠤᠰᠢᠶᠠᠨ᠎ᠠ᠃ | ︵ᠬᠤᠶᠠᠷ︶ ᠵᠥᠪᠰᠢᠶᠡᠷᠡᠬᠦ ᠦᠭᠡᠢ ᠪᠠᠶᠢᠳᠠᠯ᠄ | 1. ᠭᠤᠶᠤᠴᠢᠯᠠᠭᠰᠠᠨ ᠵᠦᠢᠯᠡᠰ ᠨᠢ ᠬᠠᠤᠯᠢ ᠶᠣᠰᠣᠭᠠᠷ ᠭᠠᠴᠠᠭ᠎ᠠ ᠪᠤᠶᠤ ᠨᠡᠶᠢᠭᠡᠮ ᠲᠣᠭᠤᠷᠢᠭ ᠤᠨ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃ | 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃ | ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ | ᠬᠢᠵᠠᠭᠠᠷᠯᠠᠯ ᠦᠭᠡᠢ᠃ | ᠲᠤᠬᠲᠠᠭᠠᠬᠰᠠᠨ ᠦᠨᠳᠦᠰᠦᠯᠡᠯ | 【ᠬᠠᠤᠯᠢ ᠴᠠᠭᠠᠵᠠ】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ | ᠠᠰᠢᠭ ᠢ ᠪᠠᠲᠤᠯᠠᠬᠤ ᠬᠠᠤᠯᠢ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ | ᠵᠠᠷᠯᠢᠭ 72 ᠳ᠋ᠤᠭᠠᠷ ᠲᠣᠭᠠᠲᠤ︶ | ᠭᠤᠴᠢᠳᠤᠭᠠᠷ ᠵᠦᠢᠯ᠄ ᠤᠷᠳᠤ ᠬᠤᠭᠤᠴᠠᠭ᠎ᠠ ᠪᠠᠷ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ᠂ ᠠᠵᠤ | ᠠᠬᠤᠢ ᠶᠢᠨ ᠲᠠᠯ᠎ᠠ ᠪᠠᠷ ᠬᠦᠴᠢᠷᠳᠡᠯ ᠲᠠᠢ ᠨᠠᠰᠤᠲᠠᠨ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠲᠡᠭᠦᠨ ᠤ ᠴᠢᠳᠠᠪᠤᠷᠢ ᠪᠠᠨ ᠠᠯᠳᠠᠭᠰᠠᠨ ᠬᠡᠮᠵᠢᠶ᠎ᠡ ᠵᠡᠷᠭᠡ ᠪᠠᠶᠢᠳᠠᠯ ᠢ ᠦᠨᠳᠦᠰᠦᠯᠡᠨ | ᠠᠰᠠᠷᠠᠨ ᠰᠤᠪᠢᠯᠠᠬᠤ ᠨᠥᠬᠦᠪᠦᠷᠢ ᠥᠭᠬᠦ ᠬᠡᠷᠡᠭᠲᠡᠢ᠃ ᠭᠤᠴᠢᠨ ᠭᠤᠷᠪᠠᠳᠤᠭᠠᠷ ᠵᠦᠢᠯ᠄ ᠤᠯᠤᠰ ᠠᠴᠠ | ᠨᠠᠰᠤᠲᠠᠶᠢᠴᠤᠳ ᠤᠨ ᠠᠰᠠᠷᠠᠮᠵᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠪᠠ ᠨᠠᠰᠤᠲᠠᠶᠢᠴᠤᠳ ᠤᠨ ᠪᠣᠳᠠᠲᠤ ᠬᠡᠷᠡᠭᠴᠡᠭᠡ ᠶᠢ ᠦᠨᠳᠦᠰᠦᠯᠡᠨ᠂ | ᠨᠠᠰᠤᠲᠠᠶᠢᠴᠤᠳ ᠤᠨ ᠨᠡᠶᠢᠭᠡᠮ ᠤᠨ ᠠᠰᠠᠷᠠᠮᠵᠢ ᠶᠢ ᠨᠡᠮᠡᠭᠳᠡᠭᠦᠯᠦᠨ᠎ᠡ᠃ ᠤᠯᠤᠰ ᠠᠴᠠ ᠣᠷᠣᠨ ᠨᠤᠲᠤᠭ ᠤᠨ ᠪᠦᠬᠦᠯᠢ | ᠨᠠᠶᠠᠨ ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠠᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢᠨ | ᠳᠦᠷᠢᠮ ᠪᠠᠶᠢᠭᠤᠯᠬᠤ ᠶᠢ ᠵᠣᠷᠢᠭᠵᠢᠭᠤᠯᠤᠨ᠎ᠠ᠃ ᠭᠤᠴᠢᠨ ᠳᠣᠯᠣᠳᠤᠭᠠᠷ ᠵᠦᠢᠯ᠄ ᠠᠵᠤ ᠠᠬᠤᠢ ᠶᠢᠨ ᠬᠦᠴᠢᠷᠳᠡᠯ ᠲᠠᠢ | ᠨᠠᠰᠤᠲᠠᠶᠢᠴᠤᠳ ᠲᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠠᠯᠬᠤᠮ | ᠠᠯᠬᠤᠮ ᠢᠶᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠥᠭᠬᠦ ᠬᠡᠷᠡᠭᠲᠡᠢ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ ᠭᠦᠢᠴᠡᠳᠬᠡᠬᠦ ᠭᠠᠵᠠᠷ᠄ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠠᠷᠠᠳ ᠤᠨ | ᠶᠠᠪᠤᠳᠠᠯ ᠤᠨ ᠲᠣᠪᠴᠢᠶ᠎ᠠ ᠶᠢᠨ 0421 ᠲᠠᠰᠤᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠰᠤᠭ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯᠠᠬᠢ ᠵᠣᠨ ᠤ ᠤᠯᠠᠷᠢᠯ᠄ ᠦᠳᠡ ᠶᠢᠨ | ᠡᠮᠦᠨᠡᠬᠢ 8᠄ 00 ︱ 11᠄ 30᠂ ᠦᠳᠡ ᠶᠢᠨ ᠬᠤᠶᠢᠨᠠᠬᠢ 14᠄ 30 ︱ 17᠄ 30 ᠡᠪᠦᠯ ᠤᠨ ᠤᠯᠠᠷᠢᠯ | ᠄ ᠦᠳᠡ ᠶᠢᠨ ᠡᠮᠦᠨᠡᠬᠢ 8᠄ 00 ︱ 11᠄ 30᠂ ᠦᠳᠡ ᠶᠢᠨ ᠬᠤᠶᠢᠨᠠᠬᠢ 14᠄ 15 ︱ 17᠄ 15 ︵ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | |