| | | ᠬᠦᠯᠢᠶᠡᠨ ᠰᠢᠢᠳᠪᠦᠷᠢᠯᠡᠬᠦ ᠨᠥᠬᠦᠴᠡᠯ | ᠪᠡᠶ᠎ᠡ ᠶᠢᠨ ᠦᠨᠡᠮᠯᠡᠯ᠂ ᠫᠠᠰᠫᠣᠷᠲ᠂ ᠲᠠᠨᠢᠯᠴᠠᠭᠤᠯᠭ᠎ᠠ ᠶᠢᠨ ᠪᠢᠴᠢᠭ᠂ ᠭᠤᠶᠤᠴᠢᠯᠠᠯ | ᠦᠨᠳᠦᠰᠦᠯᠡᠯ ᠲᠣᠭᠲᠠᠭᠠᠬᠤ ︽︿ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠤᠭᠰᠠᠨ | ᠲᠡᠮᠳᠡᠭᠯᠡᠯ ᠢ ᠪᠠᠶᠢᠴᠠᠭᠠᠨ ᠯᠠᠪᠯᠠᠬᠤ ᠠᠵᠢᠯ ᠤᠨ ᠲᠣᠭᠲᠠᠭᠠᠯ﹀ ᠢ ᠬᠡᠷᠡᠭᠵᠢᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ | ᠲᠤᠬᠠᠢ ᠮᠡᠳᠡᠭᠳᠡᠯ︾ ︵ ᠠᠯᠪᠠᠨ ᠬᠢᠯᠢ ᠨᠠᠮᠲᠠᠷ ﹇2014﹈ 221 ᠳ᠋ᠤᠭᠡᠷ ᠲᠣᠭᠠᠲᠤ︶᠄ 2014 ᠣᠨ ᠤ 4 | ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠪᠢ ᠶᠢᠨ ᠶᠠᠪᠤᠳᠠᠯ ᠢᠶᠠᠷ ᠬᠢᠯᠢ ᠪᠠᠷ ᠣᠷᠣᠵᠤ ᠭᠠᠷᠤᠭᠰᠠᠨ | ᠲᠡᠮᠳᠡᠭᠯᠡᠯ ᠢ ᠪᠠᠶᠢᠴᠠᠭᠠᠨ ᠯᠠᠪᠯᠠᠬᠤ ᠴᠠᠭ ᠢ ︽ᠲᠣᠭᠲᠠᠭᠠᠯ︾ ᠳᠤ ᠲᠣᠭᠲᠠᠭᠠᠭᠰᠠᠨ ︽ᠣᠶᠢᠷ᠎ᠠ ᠶᠢᠨ 5 ᠵᠢᠯ︾ ᠠᠴᠠ | ︽2007 ᠣᠨ ︵ ᠪᠠᠭᠲᠠᠨ᠎ᠠ︶ ᠠᠴᠠ ᠨᠠᠰᠢ︾ ᠪᠣᠯᠭᠠᠨ ᠲᠣᠬᠢᠷᠠᠭᠤᠯᠪᠠ᠃ 2007 ᠣᠨ ᠠᠴᠠ ᠡᠮᠦᠨᠡᠬᠢ | ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ ᠢ ᠪᠠᠶᠢᠴᠠᠭᠠᠨ ᠯᠠᠪᠯᠠᠬᠤ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ | ᠠᠪᠤᠭᠰᠠᠨ ᠤ ᠳᠠᠷᠠᠭ᠎ᠠ ᠱᠠᠲᠤ ᠳᠠᠷᠠᠭᠠᠯᠠᠨ ᠮᠠᠨ ᠤ ᠲᠣᠪᠴᠢᠶ᠎ᠠ ᠠᠴᠠ ᠵᠢᠭᠠᠪᠤᠷᠢ ᠠᠪᠴᠤ ᠰᠢᠢᠳᠪᠦᠷᠢᠯᠡᠭᠦᠯᠵᠦ | ᠪᠣᠯᠣᠨ᠎ᠠ᠃ ᠠᠷᠠᠳ ᠢᠷᠭᠡᠨ ᠤ ᠬᠢᠯᠢ ᠪᠠᠷ ᠣᠷᠣᠵᠤ ᠭᠠᠷᠬᠤ ᠲᠡᠮᠳᠡᠭᠯᠡᠯ ᠢ ᠪᠠᠶᠢᠴᠠᠭᠠᠨ ᠯᠠᠪᠯᠠᠬᠤ ᠭᠤᠶᠤᠴᠢᠯᠠᠯ ᠢ | ᠬᠦᠯᠢᠶᠡᠨ ᠠᠪᠴᠤ ᠰᠢᠢᠳᠪᠦᠷᠢᠯᠡᠬᠦ ᠳᠡᠭᠡᠨ ᠵᠠᠷᠴᠢᠮ ᠳᠡᠭᠡᠷ᠎ᠡ ᠪᠠᠨ ᠡᠳᠦᠷ ᠪᠦᠷᠢ ᠬᠠᠩᠭᠠᠬᠤ ᠬᠡᠷᠡᠭᠲᠡᠢ᠃ ᠲᠡᠮᠳᠡᠭᠯᠡᠯ ᠳᠤ | ᠰᠡᠵᠢᠭ ᠲᠠᠢ ᠵᠦᠢᠯ ᠢ ᠤᠯᠠᠮ ᠨᠢᠭᠡ ᠠᠯᠬᠤᠮ ᠬᠢᠨᠠᠨ ᠬᠠᠷᠭᠤᠭᠤᠯᠬᠤ ᠴᠢᠬᠤᠯᠠᠲᠠᠢ ᠪᠠᠶᠢᠪᠠᠯ᠂ 7 ᠠᠵᠢᠯᠯᠠᠬᠤ | ᠡᠳᠦᠷ ᠤᠨ ᠳᠣᠲᠣᠷ᠎ᠠ ᠬᠠᠩᠭᠠᠬᠤ ᠬᠡᠷᠡᠭᠲᠡᠢ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ | ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ | ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 00 ︱ 11᠄ | 30᠂ ᠦᠳᠡ ᠶᠢᠨ ᠬᠤᠶᠢᠨᠠᠬᠢ 2᠄ 30 ︱ 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ | ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | |