| | ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠭᠦᠢᠴᠡᠳᠬᠡᠬᠦ ᠶᠢ ᠵᠥᠪᠰᠢᠶᠡᠷᠡᠬᠦ ᠨᠥᠬᠦᠴᠡᠯ᠄ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠲᠡᠷᠭᠡ | ᠶᠠᠪᠤᠭᠤᠯᠬᠤ ᠴᠠᠭ ᠤᠨ ᠲᠣᠬᠢᠷᠠᠭᠤᠯᠤᠯᠲᠠ ᠶᠢᠨ ᠲᠠᠯ᠎ᠠ ᠪᠠᠷ ᠵᠢᠭᠤᠷᠠᠯᠳᠤᠭᠠᠨ ᠭᠠᠷᠴᠤ᠂ ᠠᠶᠠᠨᠴᠢᠳ ᠤᠨ | ᠲᠡᠭᠡᠭᠡᠪᠦᠷᠢ ᠶᠢᠨ ᠥᠷᠳᠡᠭᠡ ᠶᠢᠨ ᠡᠵᠡᠩᠨᠡᠭᠴᠢ ᠵᠣᠬᠢᠴᠠᠭᠤᠯᠤᠭᠠᠳ ᠲᠤᠰᠠ ᠭᠠᠷᠬᠤ ᠦᠭᠡᠢ ᠪᠣᠯ ᠠᠶᠠᠨᠴᠢᠳ ᠤᠨ | ᠲᠡᠭᠡᠭᠡᠪᠦᠷᠢ ᠶᠢᠨ ᠥᠷᠳᠡᠭᠡ ᠶᠢᠨ ᠡᠵᠡᠩᠨᠡᠭᠴᠢ ᠠᠴᠠ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠵᠤ ᠬᠢᠨᠠᠨ | ᠲᠠᠰᠤᠯᠤᠭᠤᠯᠬᠤ ᠪᠠᠷ ᠭᠤᠶᠤᠴᠢᠯᠠᠨ᠎ᠠ᠃ ᠦᠯᠦ ᠵᠥᠪᠰᠢᠶᠡᠷᠡᠭᠰᠡᠨ ᠪᠠᠶᠢᠳᠠᠯ ᠳᠤ ᠭᠤᠶᠤᠴᠢᠯᠠᠯ ᠭᠠᠷᠭᠠᠭᠰᠠᠨ ᠬᠥᠮᠥᠨ ᠤ | ᠬᠠᠩᠭᠠᠭᠰᠠᠨ ᠮᠠᠲ᠋ᠧᠷᠢᠶᠠᠯ ᠨᠢ ᠪᠦᠷᠢᠨ ᠪᠤᠰᠤ ᠪᠤᠶᠤ ᠪᠣᠳᠠᠲᠠᠢ ᠪᠠᠶᠢᠳᠠᠯ ᠳᠤ ᠵᠢᠭᠤᠷᠠᠯᠳᠤᠭᠠᠨ ᠣᠷᠣᠰᠢᠬᠤ ᠦᠭᠡᠢ | ᠪᠠᠶᠢᠬᠤ᠃ | (ᠬᠤᠶᠠᠷ) ᠦᠯᠦ ᠵᠥᠪᠰᠢᠶᠡᠷᠡᠭᠰᠡᠨ ᠪᠠᠶᠢᠳᠠᠯ ᠳᠤ ᠭᠤᠶᠤᠴᠢᠯᠠᠯ ᠭᠠᠷᠭᠠᠭᠰᠠᠨ ᠬᠥᠮᠥᠨ ᠤ ᠬᠠᠩᠭᠠᠭᠰᠠᠨ ᠮᠠᠲ᠋ᠧᠷᠢᠶᠠᠯ | ᠨᠢ ᠪᠦᠷᠢᠨ ᠪᠤᠰᠤ ᠪᠠᠶᠢᠬᠤ᠂ ᠡᠰᠡᠬᠦᠯ᠎ᠡ ᠪᠣᠳᠠᠲᠠᠢ ᠪᠠᠶᠢᠳᠠᠯ ᠳᠤ ᠵᠢᠭᠤᠷᠠᠯᠳᠤᠭᠠᠨ ᠣᠷᠣᠰᠢᠬᠤ ᠦᠭᠡᠢ ᠪᠠᠶᠢᠬᠤ᠃ | ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ ᠦᠭᠡᠢ | ᠦᠨᠳᠦᠰᠦᠯᠡᠯ ᠲᠣᠭᠲᠠᠭᠠᠬᠤ | 【ᠳᠦᠷᠢᠮ ᠲᠣᠭᠲᠠᠭᠠᠯ】 ︽ᠵᠠᠮ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ | ᠲᠡᠭᠡᠭᠡᠪᠦᠷᠢ ᠶᠢᠨ ᠥᠷᠲᠡᠭᠡᠨ ᠤ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭᠠᠨ ᠤ ᠶᠠᠮᠤᠨ ᠤ 10 ᠳ᠋ᠤᠭᠠᠷ | ᠵᠠᠷᠯᠢᠭ᠂ ᠵᠠᠮ ᠲᠡᠭᠡᠭᠡᠪᠦᠷᠢ ᠶᠢᠨ ᠶᠠᠮᠤᠨ ᠤ 10 ᠳ᠋ᠤᠭᠠᠷ ᠵᠠᠷᠯᠢᠭ ᠢᠶᠠᠷ ᠠᠩᠬ᠎ᠠ ᠤᠳᠠᠭ᠎ᠠ ᠵᠠᠰᠠᠪᠤᠷᠢ ᠣᠷᠣᠭᠤᠯᠵᠤ᠂ | ᠵᠠᠮ ᠲᠡᠭᠡᠭᠡᠪᠦᠷᠢ ᠶᠢᠨ ᠶᠠᠮᠤᠨ ᠤ 4 ᠳ᠋ᠤᠭᠡᠷ ᠵᠠᠷᠯᠢᠭ ᠢᠶᠠᠷ ᠬᠤᠶᠠᠳᠠᠭᠢ ᠤᠳᠠᠭ᠎ᠠ ᠵᠠᠰᠠᠪᠤᠷᠢ ᠣᠷᠣᠭᠤᠯᠵᠤ᠂ ᠵᠠᠮ | ᠲᠡᠭᠡᠭᠡᠪᠦᠷᠢ ᠶᠢᠨ ᠶᠠᠮᠤᠨ ᠤ ᠵᠠᠷᠯᠢᠭ 2 ᠳ᠋ᠤᠭᠠᠷ ᠲᠣᠭᠠᠲᠤ ᠳᠤ ᠭᠤᠷᠪᠠᠳᠠᠭᠢ ᠤᠳᠠᠭ᠎ᠠ ᠵᠠᠰᠠᠪᠤᠷᠢ ᠣᠷᠣᠭᠤᠯᠵᠤ᠂ ᠵᠠᠮ | ᠲᠡᠭᠡᠭᠡᠪᠦᠷᠢ ᠶᠢᠨ ᠶᠠᠮᠤᠨ ᠤ ᠵᠠᠷᠯᠢᠭ 8 ᠳ᠋ᠤᠭᠠᠷ ᠲᠣᠭᠠᠲᠤ ᠳᠤ ᠳᠥᠷᠪᠡᠳᠡᠬᠢ ᠤᠳᠠᠭ᠎ᠠ ᠵᠠᠰᠠᠪᠤᠷᠢ ᠣᠷᠣᠭᠤᠯᠪᠠ᠃ ᠵᠠᠮ | ᠲᠡᠭᠡᠭᠡᠪᠦᠷᠢ ᠶᠢᠨ ᠶᠠᠮᠤᠨ ᠤ ᠵᠠᠷᠯᠢᠭ 34 ᠳ᠋ᠦ᠋ᠭᠡᠷ ᠲᠣᠭᠠᠲᠤ ᠳᠤ ᠲᠠᠪᠤᠳᠠᠭᠢ ᠤᠳᠠᠭ᠎ᠠ ᠵᠠᠰᠠᠪᠤᠷᠢ ᠣᠷᠣᠭᠤᠯᠪᠠ︶ | ᠲᠠᠪᠢᠨ ᠳᠣᠯᠣᠳᠤᠭᠠᠷ ᠵᠦᠢᠯ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠡᠵᠡᠩᠨᠡᠭᠴᠢ ᠦᠨᠡᠮᠯᠡᠯ ᠦᠭᠡᠢ ᠪᠠᠷ | ᠡᠵᠡᠩᠨᠡᠭᠰᠡᠨ ᠲᠡᠷᠭᠡ ᠬᠥᠰᠬᠡ ᠶᠢᠨ ᠥᠷᠲᠡᠭᠡᠨ ᠳᠤ ᠣᠷᠣᠵᠤ ᠡᠵᠡᠩᠨᠡᠬᠦ ᠠᠵᠢᠯᠯᠠᠭ᠎ᠠ ᠬᠢᠬᠦ ᠶᠢ ᠴᠠᠭᠠᠵᠠᠯᠠᠬᠤ ᠬᠡᠷᠡᠭᠲᠡᠢ᠂ | ᠵᠦᠢ ᠶᠣᠰᠣᠨ ᠤ ᠰᠢᠯᠲᠠᠭᠠᠨ ᠦᠭᠡᠢ ᠪᠠᠷ ᠠᠶᠠᠨᠴᠢᠳ ᠤᠨ ᠲᠡᠭᠡᠭᠡᠪᠦᠷᠢ ᠶᠢᠨ ᠬᠠᠤᠯᠢ ᠶᠣᠰᠣᠨ ᠤ ᠲᠡᠷᠭᠡ ᠬᠥᠰᠬᠡ ᠶᠢᠨ | ᠥᠷᠲᠡᠭᠡᠨ ᠳᠤ ᠣᠷᠣᠵᠤ ᠡᠵᠡᠩᠨᠡᠬᠦ ᠶᠢ ᠲᠡᠪᠴᠢᠵᠦ ᠪᠣᠯᠬᠤ ᠦᠭᠡᠢ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ | ᠡᠵᠡᠩᠨᠡᠭᠴᠢ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠂ ᠲᠡᠷᠭᠡ ᠶᠠᠪᠤᠭᠤᠯᠬᠤ ᠴᠠᠭ ᠢᠶᠠᠨ ᠵᠦᠢ | ᠵᠣᠬᠢᠰᠲᠠᠢ ᠲᠣᠬᠢᠷᠠᠭᠤᠯᠵᠤ᠂ ᠪᠢᠯᠧᠲ ᠢᠶᠠᠨ ᠭᠤᠣᠯᠴᠢ ᠪᠠᠷ ᠬᠤᠳᠠᠯᠳᠤᠬᠤ ᠬᠡᠷᠡᠭᠲᠡᠢ᠃ ᠠᠶᠠᠨᠴᠢᠳ ᠤᠨ | ᠲᠡᠭᠡᠭᠡᠪᠦᠷᠢ ᠶᠢᠨ ᠡᠵᠡᠩᠨᠡᠭᠴᠢ ᠲᠡᠷᠭᠡ ᠶᠠᠪᠤᠭᠤᠯᠬᠤ ᠴᠠᠭ ᠢ ᠲᠣᠬᠢᠷᠠᠭᠤᠯᠬᠤ ᠲᠠᠯ᠎ᠠ ᠪᠠᠷ ᠵᠢᠭᠤᠷᠠᠯᠳᠤᠭᠠᠨ ᠭᠠᠷᠴᠤ᠂ | ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠡᠵᠡᠩᠨᠡᠭᠴᠢ ᠵᠣᠬᠢᠴᠠᠭᠤᠯᠤᠭᠠᠳ ᠲᠤᠰᠠ ᠭᠠᠷᠬᠤ ᠦᠭᠡᠢ ᠦᠶ᠎ᠡ ᠳᠤ᠂ | ᠲᠤᠬᠠᠢ ᠶᠢᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠲᠣᠭᠲᠠᠭᠠᠯᠲᠠ ᠭᠠᠷᠭᠠᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠭᠥᠯᠢᠶᠡᠨ ᠠᠪᠴᠤ | ᠰᠢᠢᠳᠪᠦᠷᠢᠯᠡᠬᠦ ᠲᠤᠰᠬᠠᠢ ᠲᠣᠭᠤᠷᠢᠭ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 00 ︱ 11 | ᠄ 30᠂ ᠦᠳᠡ ᠶᠢᠨ ᠬᠤᠶᠢᠨᠠᠬᠢ 14᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | |