ᠤᠯᠤᠰ ᠤᠨ ᠥᠮᠴᠢᠯᠡᠯ ᠤᠨ ᠰᠢᠭᠤᠶᠢᠲᠤ ᠭᠠᠵᠠᠷ ᠤᠨ ᠬᠡᠷᠩᠯᠡᠬᠦ ᠡᠷᠬᠡ ᠶᠢᠨ ᠳᠠᠩᠰᠠᠯᠠᠯ
ᠨᠡᠶᠢᠲᠡᠯᠡᠭᠰᠡᠨ ᠴᠠᠭ᠄
2024/11/21
ᠬᠦᠯᠢᠶᠡᠨ ᠰᠢᠢᠳᠪᠦᠷᠢᠯᠡᠬᠦ ᠨᠥᠬᠦᠴᠡᠯ ︵ᠨᠢᠭᠡ︶ ᠵᠥᠪᠰᠢᠶᠡᠷᠡᠬᠦ ᠨᠥᠬᠦᠴᠡᠯ᠄ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠴᠣᠩᠬᠤᠨ ᠤ ᠬᠦᠯᠢᠶᠡᠨ ᠠᠪᠤᠭᠰᠠᠨ ᠦᠯᠦ ᠬᠥᠳᠡᠯᠬᠦ ᠬᠥᠷᠥᠩᠭᠡ ᠶᠢ ᠳᠠᠩᠰᠠᠯᠠᠭᠤᠯᠬᠤ ᠪᠠᠷ ᠭᠤᠶᠤᠴᠢᠯᠠᠭᠴᠢ ᠶᠢᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠦᠨᠡᠨ ᠪᠣᠳᠠᠲᠠᠢ᠂ ᠳᠠᠩᠰᠠᠯᠠᠬᠤ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠵᠤ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ᠃︵ᠬᠤᠶᠠᠷ︶  ᠵᠦᠪᠰᠢᠶᠡᠷᠡᠬᠦ ᠪᠠᠶᠢᠳᠠᠯ᠄ 1. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ 2. ᠬᠠᠷᠠᠬᠠᠨ ᠰᠢᠢᠳᠪᠦᠷᠢᠯᠡᠭᠡᠳᠦᠢ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠣᠷᠣᠰᠢᠵᠤ ᠪᠠᠶᠢᠬᠤ 3. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠠᠩᠰᠠᠯᠠᠵᠤ ᠥᠭᠬᠦ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ᠪᠠᠶᠢᠬᠤ ᠦᠭᠡᠢ ᠦᠨᠳᠦᠰᠦᠯᠡᠯ ᠲᠣᠭᠲᠠᠭᠠᠬᠤ ︽ᠪᠣᠳᠠᠰ ᠤᠨ ᠡᠷᠬᠡ ᠶᠢᠨ ᠬᠠᠤᠯᠢ︾ ᠶᠢᠨ ᠠᠷᠪᠠᠳᠤᠭᠠᠷ ᠵᠦᠢᠯ᠄ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠦᠯᠦ ᠬᠥᠳᠡᠯᠬᠦ ᠬᠥᠷᠥᠩᠭᠡ ᠶᠢᠨ ᠪᠠᠶᠢᠭ᠎ᠠ ᠭᠠᠵᠠᠷ ᠤᠨ ᠳᠠᠩᠰᠠᠯᠠᠬᠤ ᠪᠠᠶᠢᠭᠤᠯᠤᠮᠵᠢ ᠠᠴᠠ ᠭᠦᠢᠴᠡᠳᠬᠡᠨ᠎ᠡ᠃ ᠤᠯᠤᠰ ᠠᠴᠠ ᠦᠯᠦ ᠬᠥᠳᠡᠯᠬᠦ ᠬᠥᠷᠥᠩᠭᠡ ᠳᠤ ᠨᠢᠭᠡᠳᠦᠯᠲᠡᠢ ᠳᠠᠩᠰᠠᠯᠠᠬᠤ ᠳᠦᠷᠢᠮ ᠢ ᠬᠡᠷᠡᠭᠵᠢᠭᠦᠯᠦᠨ᠎ᠡ᠃ ᠨᠢᠭᠡᠳᠦᠯᠲᠡᠢ ᠳᠠᠩᠰᠠᠯᠠᠬᠤ ᠬᠦᠷᠢᠶ᠎ᠡ ᠬᠡᠪᠴᠢᠶ᠎ᠡ᠂ ᠳᠠᠩᠰᠠᠯᠠᠬᠤ ᠪᠠᠶᠢᠭᠤᠯᠤᠮᠵᠢ ᠪᠠ ᠳᠠᠩᠰᠠᠯᠠᠬᠤ ᠠᠷᠭ᠎ᠠ ᠶᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠨ᠎ᠠ᠃ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 656 ᠳ᠋ᠤᠭᠠᠷ ᠲᠣᠭᠠᠲᠤ︶ ᠤᠨ ᠭᠤᠷᠪᠠᠳᠤᠭᠠᠷ ᠵᠦᠢᠯ᠄ ᠥᠯᠥ ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠬᠤ᠂ ᠬᠤᠪᠢᠷᠠᠭᠤᠯᠬᠤ ᠳᠠᠩᠰᠠᠯᠠᠯᠲᠠ᠂ ᠰᠢᠯᠵᠢᠭᠦᠯᠬᠦ ᠳᠠᠩᠰᠠᠯᠠᠯᠲᠠ᠂ ᠬᠦᠴᠦᠨ ᠦᠭᠡᠢ ᠪᠣᠯᠭᠠᠬᠤ ᠳᠠᠩᠰᠠᠯᠠᠯᠲᠠ᠂ ᠵᠠᠯᠠᠷᠠᠭᠤᠯᠬᠤ ᠳᠠᠩᠰᠠᠯᠠᠯᠲᠠ᠂ ᠣᠨᠳᠣᠣ ᠰᠠᠨᠠᠯ ᠤᠨ ᠳᠠᠩᠰᠠᠯᠠᠯᠲᠠ᠂ ᠤᠷᠢᠳᠴᠢᠯᠠᠨ ᠮᠡᠳᠡᠭᠳᠡᠬᠦ ᠳᠠᠩᠰᠠᠯᠠᠯᠲᠠ᠂ ᠪᠠᠶᠢᠴᠠᠭᠠᠨ ᠪᠢᠲᠡᠭᠦᠮᠵᠢᠯᠡᠬᠦ ᠳᠠᠩᠰᠠᠯᠠᠯᠲᠠ ᠵᠡᠷᠭᠡ ᠳᠤ ᠲᠣᠰ ᠳᠦᠷᠢᠮ ᠢ ᠬᠡᠷᠡᠭᠯᠡᠨ᠎ᠡ᠃ ᠳᠥᠷᠪᠡᠳᠦᠭᠡᠷ ᠵᠦᠢᠯ᠄ ᠤᠯᠤᠰ ᠠᠴᠠ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠳᠦᠷᠢᠮ ᠢ ᠬᠡᠷᠡᠭᠵᠢᠭᠦᠯᠦᠨ᠎ᠡ᠃ ᠵᠢᠷᠭᠤᠳᠤᠭᠠᠷ ᠵᠦᠢᠯ᠄ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠵᠢᠯᠤᠭᠤᠳᠬᠤ᠂ ᠲᠡᠭᠦᠨ ᠳᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢᠭᠡ ᠰᠠᠯᠠᠭ᠎ᠠ ᠮᠥᠴᠢᠷ ᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠪᠠᠷ ᠲᠣᠭᠲᠠᠭᠠᠵᠤ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠬᠠᠷᠢᠭᠤᠴᠠᠭᠤᠯᠬᠤ ᠶᠢᠨ ᠬᠠᠮᠲᠤ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ᠂ ᠬᠢᠨᠠᠯᠲᠠ ᠶᠢ ᠬᠦᠯᠢᠶᠡᠬᠦ ᠬᠡᠷᠡᠭᠲᠡᠢ᠃ ᠲᠠᠪᠤᠳᠤᠭᠠᠷ ᠵᠦᠢᠯ᠄ ᠳᠣᠣᠷ᠎ᠠ ᠵᠢᠭᠰᠠᠭᠠᠭᠰᠠᠨ ᠦᠯᠦ ᠬᠥᠳᠡᠯᠬᠦ ᠬᠥᠷᠥᠩᠭᠡ ᠶᠢᠨ ᠡᠷᠬᠡ ᠶᠢ ᠲᠤᠰ ᠳᠦᠷᠢᠮ ᠤᠨ ᠲᠣᠭᠲᠠᠭᠠᠯ ᠶᠣᠰᠣᠭᠠᠷ ᠳᠠᠩᠰᠠᠯᠠᠭᠤᠯᠤᠨ᠎ᠠ᠄ ︵ᠨᠢᠭᠡ︶ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ︵ᠬᠤᠶᠠᠷ︶ ᠭᠡᠷ ᠪᠠᠶᠢᠰᠢᠩ ᠵᠡᠷᠭᠡ ᠪᠠᠷᠢᠯᠭ᠎ᠠ᠂ ᠪᠠᠷᠢᠯᠭ᠎ᠠ ᠶᠢᠨ ᠡᠳ᠋ ᠢ ᠥᠮᠴᠢᠯᠡᠬᠦ ᠡᠷᠬᠡ ︵ᠭᠤᠷᠪᠠ︶ ᠤᠢ ᠰᠢᠭᠤᠢ᠂ ᠤᠢ ᠮᠣᠳᠣ ᠶᠢ ᠥᠮᠴᠢᠯᠡᠬᠦ ᠡᠷᠬᠡ (ᠲᠤᠶᠢᠷᠪᠡ) ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠶᠢᠨ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ ︵ᠲᠠᠪᠤ︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ︵ᠵᠢᠷᠭᠤᠭ᠎ᠠ︶ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ (ᠲᠤᠯᠤᠭ᠎ᠠ) ᠲᠡᠯᠡᠢ ᠶᠢᠨ ᠣᠷᠣᠨ ᠢ ᠬᠡᠷᠡᠭᠯᠡᠬᠦ ᠡᠷᠬᠡ ︵ᠨᠠᠢᠮᠠ︶ ᠭᠠᠵᠠᠷ ᠤᠨ ᠬᠥᠷᠥᠰᠥ ᠠᠰᠢᠭᠯᠠᠬᠤ ᠡᠷᠬᠡ (ᠶᠢᠰᠦ) ᠪᠠᠷᠢᠴᠠᠭᠠᠯᠠᠬᠤ ᠡᠷᠬᠡ ︵ᠠᠷᠪᠠ︶ ᠬᠠᠤᠯᠢ ᠴᠠᠭᠠᠵᠠ ᠳᠤ ᠳᠠᠩᠰᠠᠯᠠᠭᠤᠯᠬᠤ ᠴᠢᠬᠤᠯᠠᠲᠠᠢ ᠭᠡᠵᠦ ᠲᠣᠭᠲᠠᠭᠠᠭᠰᠠᠨ ᠪᠤᠰᠤᠳ ᠦᠯᠦ ᠬᠥᠳᠡᠯᠬᠦ ᠬᠥᠷᠥᠩᠭᠡ ᠶᠢᠨ ᠡᠷᠬᠡ᠃ ᠳᠣᠯᠣᠳᠤᠭᠠᠷ ᠵᠦᠢᠯ᠄ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠦᠯᠦ ᠬᠥᠳᠡᠯᠬᠦ ᠬᠥᠷᠥᠩᠭᠡ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠯᠦ ᠬᠥᠳᠡᠯᠬᠦ ᠬᠥᠷᠥᠩᠭᠡ ᠰᠢᠭᠤᠳ ᠬᠠᠷᠢᠶ᠎ᠠ ᠬᠤᠲᠠ᠂ ᠨᠡᠶᠢᠭᠡᠮ ᠲᠣᠭᠤᠷᠢᠭ ᠤᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠱᠠᠲᠤᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠪᠠᠷ ᠬᠠᠷᠢᠶ᠎ᠠ ᠲᠣᠭᠤᠷᠢᠭ ᠤᠳ ᠤᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠨᠢᠭᠡᠳᠦᠯᠲᠡᠢ ᠬᠢᠯᠭᠡᠬᠦ ᠪᠠᠷ ᠲᠣᠭᠲᠠᠭᠠᠵᠤ ᠪᠣᠯᠣᠨ᠎ᠠ᠃ ︽ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ ᠵᠠᠷᠯᠢᠭ 63 ᠳ᠋ᠤᠭᠠᠷ ᠲᠣᠭᠠᠲᠤ︶ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠵᠢᠯᠯᠠᠭᠠᠨ ᠤ ᠵᠢᠷᠤᠮᠵᠢᠯ ︵ᠲᠤᠷᠰᠢᠨ ᠬᠡᠷᠡᠭᠵᠢᠭᠦᠯᠬᠦ︶︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠬᠠᠤᠯᠢ ᠲᠣᠭᠲᠠᠭᠠᠯ ﹇2016﹈ 6 ᠳ᠋ᠤᠭᠠᠷ ᠲᠣᠭᠠᠲᠤ︶ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠵᠡᠭᠦᠨ ᠲᠢᠩᠬᠢᠮ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠶᠡᠭᠡ ᠲᠢᠩᠬᠢᠮ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8 ᠴᠠᠭ ᠠᠴᠠ 11. 30᠂ ᠦᠳᠡ ᠶᠢᠨ ᠬᠤᠶᠢᠨᠠᠬᠢ 2.00 ᠠᠴᠠ 5.00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠦᠭᠡᠢ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号