| | ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ | ᠲᠤᠰ ᠰᠢᠶᠠᠨ ᠤ ᠳᠣᠲᠣᠷᠠᠬᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠵᠢᠴᠢ | ᠠᠮᠢᠳᠤᠯᠢᠭ ᠢᠶᠠᠷ ᠠᠵᠢᠯ ᠣᠯᠣᠭᠰᠠᠳ᠃ 2. ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ | ᠰᠢᠯᠵᠢᠭᠦᠯᠬᠦ ᠨᠥᠬᠦᠴᠡᠯ ᠳᠤ ᠨᠡᠶᠢᠴᠡᠭᠰᠡᠨ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭᠠᠬᠤ ᠬᠥᠮᠥᠰ᠃ | ︵ᠬᠤᠶᠠᠷ︶ ᠵᠦᠪᠰᠢᠶᠡᠷᠡᠬᠦ ᠦᠭᠡᠢ ᠪᠠᠶᠢᠳᠠᠯ᠄ ᠳᠡᠭᠡᠷ᠎ᠡ ᠳᠤᠷᠠᠳᠤᠭᠰᠠᠨ ᠨᠥᠬᠦᠴᠡᠯ ᠳᠤ ᠦᠯᠦ ᠨᠡᠶᠢᠴᠡᠬᠦ᠃ | ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ ᠪᠠᠶᠢᠬᠤ ᠦᠭᠡᠢ ᠦᠨᠳᠦᠰᠦᠯᠡᠯ ᠲᠣᠭᠲᠠᠭᠠᠬᠤ | 1.︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ | ᠳᠥᠷᠪᠡᠳᠦᠭᠡᠷ ᠵᠦᠢᠯ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠬᠥᠮᠥᠨ | ᠬᠡᠷᠡᠭᠯᠡᠬᠦ ᠨᠢᠭᠡᠴᠢ ᠪᠠ ᠬᠤᠪᠢ ᠬᠥᠮᠥᠨ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠲᠤᠰᠢᠶᠠᠬᠤ ᠳᠠᠭᠠᠨ ᠰᠦᠢᠳᠬᠡᠯ ᠲᠤᠰᠢᠶᠠᠭᠰᠠᠨ ᠲᠡᠮᠳᠡᠭᠯᠡᠯ ᠢ ᠪᠠᠶᠢᠴᠠᠭᠠᠨ ᠯᠠᠪᠯᠠᠬᠤ ᠡᠷᠬᠡ ᠲᠠᠢ 2. ︽ᠨᠡᠶᠢᠭᠡᠮ ᠤᠨ | ᠳᠠᠭᠠᠳᠬᠠᠯ ᠤᠨ ᠬᠤᠪᠢ ᠬᠥᠮᠥᠨ ᠤ ᠡᠷᠬᠡ ᠠᠰᠢᠭ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ︵ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ᠤ ᠵᠠᠷᠯᠢᠭ 14 ᠳ᠋ᠤᠭᠡᠷ ᠲᠣᠭᠠᠲᠤ︶ ᠶᠢᠨ ᠠᠷᠪᠠᠨ ᠳᠥᠷᠪᠡᠳᠦᠭᠡᠷ ᠵᠦᠢᠯ᠄ ᠨᠡᠶᠢᠭᠡᠮ ᠤᠨ | ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠳᠠᠭᠠᠳᠬᠠᠯ ᠳᠤ ᠣᠷᠣᠯᠴᠠᠭᠴᠢ ᠵᠢᠴᠢ ᠬᠥᠮᠥᠨ ᠬᠡᠷᠡᠭᠯᠡᠬᠦ ᠨᠢᠭᠡᠴᠢ ᠳᠤ | ᠨᠡᠶᠢᠭᠡᠮ ᠤᠨ ᠳᠠᠭᠠᠳᠬᠠᠯ ᠤᠨ ᠬᠤᠪᠢ ᠬᠥᠮᠥᠨ ᠤ ᠡᠷᠬᠡ ᠠᠰᠢᠭ ᠤᠨ ᠲᠡᠮᠳᠡᠭᠯᠡᠯ ᠤᠨ ᠪᠠᠶᠢᠴᠠᠭᠠᠨ ᠯᠠᠪᠯᠠᠬᠤ ᠵᠢᠷᠤᠮ ᠢ | ᠨᠡᠭᠡᠭᠡᠵᠦ᠂ ᠪᠠᠶᠢᠴᠠᠭᠠᠨ ᠯᠠᠪᠯᠠᠵᠤ ᠪᠣᠯᠬᠤ ᠠᠭᠤᠯᠭ᠎ᠠ ᠶᠢ ᠵᠠᠭᠠᠭᠯᠠᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ | ᠭᠠᠷᠳᠠᠨ ᠬᠢᠬᠦ ᠪᠠᠶᠢᠭᠤᠯᠤᠮᠵᠢ ᠶᠢᠨ ᠲᠣᠣᠷ ᠴᠡᠭ ᠢᠶᠠᠷ ᠳᠠᠮᠵᠢᠬᠤ ᠬᠡᠷᠡᠭᠲᠡᠢ᠂ ᠥᠪᠡᠰᠦᠪᠡᠨ ᠦᠢᠯᠡᠴᠢᠯᠡᠬᠦ ᠦᠵᠦᠭᠦᠷ | ᠪᠤᠶᠤ ᠳ᠋ᠢᠶᠠᠩᠬᠤᠸᠠ᠂ ᠰᠦᠯᠵᠢᠶᠡᠨ ᠥᠷᠲᠡᠭᠡ ᠵᠡᠷᠭᠡ ᠠᠷᠭ᠎ᠠ ᠮᠠᠶ᠋ᠢᠭ ᠢᠶᠠᠷ ᠪᠠᠶᠢᠴᠠᠭᠠᠨ ᠯᠠᠪᠯᠠᠬᠤ ᠦᠢᠯᠡᠴᠢᠯᠡᠭᠡ | ᠬᠠᠩᠭᠠᠨ᠎ᠠ᠃ 3. ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠭᠠᠷᠲᠠᠨ ᠭᠦᠢᠴᠡᠳᠬᠡᠬᠦ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2014﹈ 23 ᠳ᠋ᠤᠭᠠᠷ | ᠲᠣᠭᠠᠲᠤ︶ ᠤᠨ ᠬᠤᠷᠢᠨ ᠨᠢᠭᠡᠳᠦᠭᠡᠷ ᠵᠦᠢᠯ᠄ ᠳᠠᠭᠠᠳᠬᠠᠯ ᠳᠤ ᠣᠷᠣᠯᠴᠠᠭᠰᠠᠳ ᠰᠢᠶᠠᠨ ᠤ ᠨᠡᠶᠢᠭᠡᠮ ᠤᠨ | ᠳᠠᠭᠠᠳᠬᠠᠯ ᠤᠨ ᠪᠠᠶᠢᠭᠤᠯᠤᠮᠵᠢ ᠳᠤ ᠬᠦᠷᠴᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠡᠷᠡᠭ ᠡᠷᠬᠢᠯᠡᠬᠦ | ᠭᠠᠵᠠᠷ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠨᠠᠷᠢᠨ ᠬᠦᠰᠦᠨᠦᠭᠲᠦ︾ ᠶᠢ ᠳᠠᠷᠤᠮᠠᠯᠯᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠤᠮᠵᠢ ᠵᠢᠯ ᠪᠦᠷᠢ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠳᠠᠭᠠᠳᠬᠠᠯ ᠳᠤ | ᠣᠷᠣᠯᠴᠠᠭᠰᠠᠳ ᠤᠨ ᠬᠤᠪᠢ ᠬᠥᠮᠥᠨ ᠤ ᠡᠷᠬᠡ ᠶᠢ ᠡᠳ᠋ᠯᠡᠬᠦ ᠬᠡᠷᠡᠭᠲᠡᠢ᠃ ᠠᠰᠢᠭ ᠲᠤᠰᠠ ᠶᠢᠨ ᠲᠡᠮᠳᠡᠭᠯᠡᠯ ᠤᠨ | ᠬᠠᠭᠤᠳᠠᠰᠤ ᠶᠢᠨ ᠠᠭᠤᠯᠭ᠎ᠠ ᠶᠢ ᠲᠤᠰ ᠬᠥᠮᠥᠨ ᠳᠤᠨᠢ ᠮᠡᠳᠡᠭᠳᠡᠨ᠎ᠡ᠃ 4. ︽︿ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠳᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2015﹈ 32 ᠳ᠋ᠤᠭᠠᠷ ᠲᠣᠭᠠᠲᠤ︶ ᠤᠨ ᠶᠡᠷᠡᠨ | ᠬᠤᠶᠠᠳᠤᠭᠠᠷ ᠵᠦᠢᠯ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ ᠰᠦᠢᠳᠬᠡᠯ ᠬᠤᠷᠢᠶᠠᠬᠤ ᠪᠠᠷᠢᠮᠵᠢᠶ᠎ᠠ | ᠪᠠ ᠦᠨᠳᠦᠰᠦᠯᠡᠯ ᠲᠦᠷ ᠪᠠᠶᠢᠬᠤ ᠦᠭᠡᠢ ᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ 1 ᠳᠠᠪᠬᠤᠷᠭ᠎ᠠ ᠶᠢᠨ ᠵᠡᠭᠦᠨ ᠲᠠᠯ᠎ᠠ ᠭᠦᠢᠴᠡᠳᠬᠡᠬᠦ ᠴᠠᠭ᠄ ᠭᠠᠷᠠᠭ ᠤᠨ | ᠨᠢᠭᠡᠨ ᠠᠴᠠ ᠭᠠᠷᠠᠭ ᠤᠨ ᠲᠠᠪᠤᠨ ᠪᠣᠯᠲᠠᠯᠠᠬᠢ ᠵᠣᠨ ᠤ ᠤᠯᠠᠷᠢᠯ᠄ ᠦᠳᠡ ᠶᠢᠨ ᠡᠮᠦᠨᠡᠬᠢ 8᠄ 00 ︱ 11᠄ 30 | ᠂ ᠦᠳᠡ ᠶᠢᠨ ᠬᠤᠶᠢᠨᠠᠬᠢ 14᠄ 30 ︱ 17᠄ 30 ᠡᠪᠦᠯ ᠤᠨ ᠤᠯᠠᠷᠢᠯ ᠄ ᠦᠳᠡ ᠶᠢᠨ ᠡᠮᠦᠨᠡᠬᠢ 8᠄ 00 | ︱ 11᠄ 30᠂ ᠦᠳᠡ ᠶᠢᠨ ᠬᠤᠶᠢᠨᠠᠬᠢ 14᠄ 00 ︱ 17᠄ 00 ︵ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ |