ᠨᠢᠩᠴᠧᠩ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/25
    ᠨᠢᠭᠡ ᠳᠤ᠂ ᠪᠠᠶᠢᠳᠠᠯ ᠢ ᠪᠠᠶᠢᠴᠠᠭᠠᠨ ᠣᠶᠢᠯᠠᠭᠠᠵᠤ᠂ ᠭᠤᠣᠯᠳᠠᠯᠭ᠎ᠠ ᠲᠠᠢ ᠴᠡᠭᠴᠡᠯᠡᠨ ᠵᠠᠰᠠᠪᠠ᠃ ᠬᠤᠲᠠ ᠶᠢᠨ ᠲᠣᠭᠤᠷᠢᠭ ᠤᠨ ᠡᠯ᠎ᠡ ᠰᠤᠷᠭᠠᠭᠤᠯᠢ ᠶᠢᠨ ᠲᠠᠷᠬᠠᠯᠲᠠ ᠶᠢᠨ ᠪᠠᠶᠢᠳᠠᠯ ᠢ ᠭᠦᠢᠴᠡᠳ ᠡᠵᠡᠮᠰᠢᠵᠦ᠂ ᠠᠵᠢᠯ ᠤᠨ ᠠᠬᠢᠭᠤᠯᠬᠤ ᠳᠤᠮᠳᠠ ᠡᠯ᠎ᠡ ᠦᠨᠳᠦᠰᠦᠲᠡᠨ ᠤ ᠪᠠᠭᠰᠢ ᠰᠤᠷᠤᠭᠴᠢ ᠵᠢᠴᠢ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠬᠢᠭᠡᠳ ᠰᠠᠨᠠᠯ ᠢ ᠴᠤᠭᠯᠠᠭᠤᠯᠤᠨ ᠡᠮᠬᠢᠳᠬᠡᠬᠦ ᠶᠢ ᠴᠢᠬᠤᠯᠠᠴᠢᠯᠠᠨ᠎ᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠡᠲᠡᠭᠡᠳ ᠢ ᠡᠮᠬᠢᠯᠡᠵᠦ᠂ ᠠᠵᠢᠯ ᠤᠨ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ ᠴᠡᠭᠴᠡᠯᠡᠨ ᠵᠠᠰᠠᠬᠤ ᠠᠵᠢᠯ ᠤᠨ ᠲᠥᠰᠦᠯ ᠢ ᠲᠣᠭᠲᠠᠭᠠᠵᠤ᠂ ᠬᠠᠤᠯᠢ ᠬᠡᠷᠡᠭᠵᠢᠭᠦᠯᠬᠦ ᠬᠦᠴᠦᠨ ᠢ ᠵᠣᠬᠢᠰᠲᠠᠢ ᠲᠤᠬᠢᠷᠠᠭᠤᠯᠤᠨ ᠲᠣᠣᠷᠵᠢᠭᠤᠯᠤᠭᠰᠠᠨ ᠬᠠᠮᠢᠶᠠᠷᠤᠯᠲᠠ ᠶᠠᠪᠤᠭᠤᠯᠤᠨ᠎ᠠ᠃ ᠨᠡᠭᠦᠳᠡᠯ ᠬᠤᠳᠠᠯᠳᠤᠭᠠᠴᠢᠨ ᠤ ᠵᠠᠮ ᠡᠵᠡᠯᠡᠨ ᠡᠵᠡᠩᠨᠡᠬᠦ ᠠᠵᠢᠯᠯᠠᠭ᠎ᠠ᠂ ᠳᠡᠯᠭᠡᠭᠦᠷ ᠤᠨ ᠭᠠᠳᠠᠨ᠎ᠠ ᠡᠵᠡᠩᠨᠡᠬᠦ  ᠠᠵᠢᠯᠯᠠᠭ᠎ᠠ᠂ ᠵᠢᠵᠢᠭ ᠵᠠᠷ ᠮᠡᠳᠡᠭᠡ ᠲᠠᠷᠬᠠᠭᠠᠬᠤ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠡᠷᠬᠡ ᠲᠡᠭᠰᠢ ᠲᠥᠪ ᠭᠤᠤᠯᠴᠢ ᠮᠥᠷᠲᠡᠭᠡᠨ ᠪᠠᠭᠲᠠᠭᠠᠮᠵᠢᠲᠠᠶ ᠬᠠᠤᠯᠢ ᠬᠡᠷᠡᠭᠵᠢᠭᠦᠯᠬᠦ ᠣᠪᠣᠷ ᠢᠶᠠᠷ ᠠᠰᠠᠭᠤᠳᠠᠯ ᠢ ᠰᠢᠢᠳᠪᠤᠷᠢᠯᠡᠪᠡ᠃    ᠬᠤᠶᠠᠷ ᠲᠤ᠂ ᠬᠠᠮᠵᠢᠯᠴᠠᠨ ᠬᠠᠮᠲᠤᠪᠠᠷ ᠵᠠᠰᠠᠵᠤ᠂ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠭᠰᠠᠨ ᠪᠠᠶᠢᠳᠠᠯ ᠪᠠ ᠬᠤᠲᠠ ᠶᠢᠨ ᠬᠠᠮᠢᠶᠠᠷᠤᠯᠲᠠ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠵᠠᠭᠠᠯᠳᠤᠯᠭ᠎ᠠ ᠶᠢᠨ ᠪᠠᠶᠢᠳᠠᠯ ᠢ ᠦᠨᠳᠦᠰᠦᠯᠡᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠡᠲᠡᠭᠡᠳ ᠪᠠ ᠬᠠᠮᠢᠶᠠᠷᠤᠨ ᠡᠵᠡᠮᠳᠡᠬᠦ ᠴᠠᠭ ᠢ ᠲᠣᠭᠲᠠᠭᠠᠵᠤ᠂ ᠰᠤᠷᠭᠠᠭᠤᠯᠢ ᠳᠤ ᠣᠷᠣᠬᠤ᠂ ᠰᠤᠷᠭᠠᠭᠤᠯᠢ ᠲᠠᠷᠬᠠᠬᠤ ᠣᠷᠭᠢᠯ ᠤᠨ ᠦᠶ᠎ᠡ ᠶᠢᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠢ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ︽ᠬᠡᠷ ᠰᠤᠷᠭᠠᠭᠤᠯᠢ ᠴᠠᠭᠳᠠᠭ᠎ᠠ︾  ᠬᠠᠮᠲᠤ ᠪᠠᠷ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠰᠠᠬᠢᠨ ᠬᠠᠮᠠᠭᠠᠯᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠠᠩ ᠰᠠᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ ᠬᠠᠮᠵᠢᠯᠴᠠᠬᠤ ᠠᠵᠢᠯ ᠤᠨ ᠳᠤᠮᠳᠠ᠂ ᠡᠯ᠎ᠡ ᠦᠨᠳᠦᠰᠦᠲᠡᠨ ᠤ ᠬᠡᠷ ᠤᠨ ᠠᠬᠠᠮᠠᠳ᠂ ᠰᠤᠷᠭᠠᠭᠤᠯᠢ ᠵᠢᠴᠢ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠨᠡᠪᠲᠡᠷᠡᠯᠴᠡᠨ ᠬᠠᠮᠵᠢᠯᠴᠠᠵᠤ᠂ ᠰᠤᠷᠤᠭᠴᠢᠳ ᠤᠨ ᠠᠮᠤᠷ ᠲᠦᠪᠰᠢᠨ ᠡᠮᠬᠢ ᠵᠢᠷᠤᠮ ᠲᠠᠢ ᠣᠷᠴᠢᠨ ᠲᠣᠭᠤᠷᠢᠨ ᠳᠤ ᠣᠴᠢᠵᠤ ᠰᠤᠷᠤᠯᠴᠠᠬᠤ ᠶᠢ ᠪᠠᠲᠤᠯᠠᠪᠠ᠃    ᠭᠤᠷᠪᠠ ᠳᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠡᠳᠦᠷ ᠲᠤᠲᠤᠮ ᠤᠨ ᠬᠠᠮᠢᠶᠠᠷᠤᠯᠲᠠ ᠬᠢᠭᠡᠳ ᠴᠠᠭ ᠬᠤᠭᠤᠴᠠᠭ᠎ᠠ ᠶᠢ ᠵᠥᠷᠢᠭᠦᠯᠦᠨ ᠬᠠᠮᠢᠶᠠᠷᠤᠨ ᠡᠵᠡᠮᠳᠡᠬᠦ ᠶᠢ ᠬᠠᠷᠢᠯᠴᠠᠨ ᠤᠶᠠᠯᠳᠤᠭᠤᠯᠬᠤ᠂ ᠨᠡᠭᠦᠳᠡᠯ ᠲᠣᠭᠤᠷᠢᠨ ᠪᠠᠶᠢᠴᠠᠭᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠵᠡᠩᠨᠡᠬᠦ᠂ ᠵᠠᠷ ᠮᠡᠳᠡᠭᠡ ᠲᠠᠷᠬᠠᠭᠠᠬᠤ  ᠠᠵᠢᠯᠯᠠᠭ᠎ᠠ ᠶᠢ ᠵᠠᠰᠠᠬᠤ ᠳᠤ ᠦᠷᠭᠦᠯᠵᠢᠯᠡᠨ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠵᠤ᠂ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠶ ᠣᠷᠣᠨ ᠦᠯᠡᠳᠡᠭᠡᠬᠦ ᠥᠬᠡᠶ᠃ ᠬᠠᠮᠢᠶᠠᠷᠤᠯᠲᠠ ᠶᠢᠨ ᠶᠠᠪᠤᠴᠠ ᠳᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠬᠢᠭᠡᠳ ᠬᠤᠳᠠᠯᠳᠤᠭᠠᠴᠢᠨ ᠡᠷᠦᠬᠡ ᠵᠢᠴᠢ ᠰᠠᠭᠤᠭᠠᠯᠢ ᠠᠷᠠᠳ ᠤᠨ ᠬᠤᠲᠠ ᠶᠢᠨ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠳᠤ ᠬᠠᠮᠲᠤ ᠪᠠᠷ ᠣᠷᠣᠯᠴᠠᠵᠤ᠂ ᠬᠠᠮᠲᠤ ᠪᠠᠷ ᠠᠰᠢᠭ ᠭᠥᠷᠳᠡᠬᠦ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号