| ᠨᠢᠩᠴᠧᠩ ᠰᠢᠶᠠᠨ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠳᠤᠮᠳᠠ ᠰᠤᠷᠭᠠᠨ | ᠬᠥᠮᠦᠵᠢᠯ ᠤᠨ ᠬᠦᠷᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠭᠤᠤᠯ | ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠ | ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠲᠠᠩᠰᠠ ᠡᠪᠬᠡᠮᠡᠯ ᠪᠠᠶᠢᠭᠤᠯᠤᠨ ᠺᠠᠷᠳ᠋ᠯᠠᠭᠰᠠᠨ ᠡᠷᠦᠬᠡ᠂ | ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ ᠪᠤᠰᠤ ᠡᠷᠦᠬᠡ ᠵᠢᠴᠢ ᠬᠤᠶᠠᠷ ᠤᠨ ᠬᠤᠭᠤᠷᠣᠨᠳᠣ ᠪᠠᠶᠢᠭ᠎ᠠ | ᠶᠠᠳᠠᠭᠤ ᠬᠦᠴᠢᠷᠳᠡᠯᠲᠡᠶ ᠡᠷᠦᠬᠡ ᠶᠢᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ | ᠰᠤᠷᠭᠠᠭᠤᠯᠢ ᠳᠤ ᠣᠷᠣᠬᠤ ᠪᠠᠶᠢᠳᠠᠯ ᠢ ᠴᠢᠩᠭ᠎ᠠ ᠠᠩᠬᠠᠷᠴᠤ᠂ ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ | ᠪᠠᠭᠠᠴᠤᠳ ᠤᠨ ᠡᠬᠡ ᠲᠠᠩᠰᠠ ᠪᠠ ᠰᠤᠷᠤᠭᠴᠢᠳ ᠢ ᠬᠠᠪᠰᠤᠷᠤᠨ ᠲᠡᠳᠬᠦᠵᠦ ᠪᠠᠶᠢᠭ᠎ᠠ ᠪᠠᠶᠢᠳᠠᠯ ᠢ ᠬᠢᠨᠠᠨ | ᠬᠠᠷᠭᠤᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠵᠤ ᠪᠠᠶᠢᠭ᠎ᠠ ᠰᠤᠷᠤᠭᠴᠢᠳ ᠤᠨ ᠶᠡᠭᠡ ᠵᠢᠭᠰᠠᠭᠠᠨ ᠪᠠᠶᠢᠴᠠᠭᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠳ ᠨᠢᠭᠡ ᠪᠠᠷ ᠪᠠᠶᠢᠳᠠᠯ ᠢ ᠤᠶᠢᠯᠠᠭᠠᠨ ᠵᠢᠭᠰᠠᠭᠠᠨ | ᠪᠠᠶᠢᠴᠠᠭᠠᠵᠤ᠂ ︽ᠰᠢᠶᠠᠨ ᠤ ᠵᠠᠰᠠᠭ ᠤᠨ ᠣᠷᠳᠣᠨ - ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ - ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠨᠢᠭᠡ ᠱᠤᠭᠤᠮ︾ ︽ᠰᠢᠶᠠᠨ ᠤ ᠰᠤᠷᠭᠠᠨ | ᠬᠥᠮᠦᠵᠢᠯ ᠤᠨ ᠲᠣᠪᠴᠢᠶ᠎ᠠ - ᠰᠤᠷᠭᠠᠭᠤᠯᠢ - ᠠᠩᠭᠢ ᠶᠢᠨ ᠡᠷᠬᠢᠯᠡᠭᠴᠢ ︵ᠬᠢᠴᠢᠶᠡᠯ ᠲᠦᠷᠦᠯ ᠤᠨ ᠪᠠᠭᠰᠢ︶ ᠨᠢᠭᠡ | ᠱᠤᠭᠤᠮ︾ ᠢ ᠪᠣᠳᠠᠲᠠᠶᠢᠵᠢᠭᠤᠯᠵᠤ᠂ ᠬᠤᠶᠠᠷ ᠱᠤᠭᠤᠮ ᠢᠶᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠡᠵᠡᠮᠳᠡᠬᠦ | ᠠᠵᠢᠯ ᠤᠨ ᠲᠣᠭᠲᠠᠴᠠ ᠶᠢᠨ ︽ᠬᠤᠤᠰ ᠱᠤᠭᠤᠮ︾ ᠤᠨ ᠬᠠᠷᠢᠭᠤᠴᠠᠯᠭ᠎ᠠ ᠶᠢᠨ ᠲᠦᠷᠢᠮ ᠢ ᠪᠣᠳᠠᠲᠠᠶᠢᠵᠢᠭᠤᠯᠵᠤ᠂ | ᠰᠤᠷᠬᠤ ᠨᠠᠰᠤᠨ ᠤ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠡᠨᠬᠦ | ᠪᠠᠲᠤᠯᠠᠪᠠ᠃ ᠣᠳᠣᠬᠠᠨ ᠳᠤ᠂ ᠪᠠᠭ᠎ᠠ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠨᠣᠷᠮ᠎ᠠ 99. | 9% ᠳᠤ ᠬᠦᠷᠴᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 99. | 15% ᠳᠤ ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠨᠣᠷᠮ᠎ᠠ 98.50% ᠳᠤ | ᠬᠦᠷᠴᠦ᠂ ᠵᠡᠮᠳᠡᠭ ᠬᠡᠦᠬᠡᠳ ᠤᠨ ᠰᠤᠷᠭᠠᠭᠤᠯᠢ ᠳᠤ ᠤᠷᠤᠭᠰᠠᠨ ᠨᠣᠷᠮ᠎ᠠ 97.6% ᠳᠤ ᠬᠦᠷᠴᠡᠶ᠃ |