ᠨᠢᠩᠴᠧᠩ ᠰᠢᠶᠠᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠭᠠᠵᠠᠷ ᠤᠨ ᠪᠠᠶᠢᠴᠠᠭᠠᠯᠲᠠ ᠶᠢᠨ ᠠᠵᠢᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/11/25
    ᠣᠶᠢᠷ᠎ᠠ ᠳᠤ᠂ ᠨᠢᠩᠴᠧᠩ ᠰᠢᠶᠠᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠭᠠᠵᠠᠷ ᠤᠨ ᠪᠠᠶᠢᠴᠠᠭᠠᠯᠲᠠ ᠲᠡᠭᠦᠰ ᠠᠮᠵᠢᠯᠲᠠ ᠲᠠᠢ ᠥᠨᠳᠥᠷᠯᠡᠪᠡ᠃ ᠡᠨᠡ ᠬᠦ ᠠᠵᠢᠯ 200 ᠭᠠᠷᠤᠢ ᠡᠳᠦᠷ  ᠶᠠᠪᠤᠭᠳᠠᠵᠤ᠂ ᠪᠦᠬᠦ ᠰᠢᠶᠠᠨ ᠤ 525 ᠲᠡᠦᠬᠡ ᠶᠢᠨ ᠳᠤᠷᠠᠰᠬᠠᠯᠲᠤ ᠵᠦᠢᠯ ᠤᠨ ᠴᠡᠭ ᠢ ᠲᠠᠬᠢᠨ ᠬᠢᠨᠠᠬᠤ ᠠᠵᠢᠯ ᠢ ᠪᠡᠶᠡᠯᠡᠭᠦᠯᠦᠭᠰᠡᠨ ᠪᠥᠭᠡᠳ 42 ᠲᠡᠦᠬᠡ ᠶᠢᠨ ᠳᠤᠷᠠᠰᠬᠠᠯᠲᠤ ᠵᠦᠢᠯ ᠤᠨ ᠪᠠᠭᠤᠷᠢ ᠶᠢ ᠰᠢᠨ᠎ᠡ ᠪᠠᠷ ᠢᠯᠡᠷᠡᠭᠦᠯᠪᠡ᠃ ᠨᠢᠩᠴᠧᠩ ᠰᠢᠶᠠᠨ ᠤ ᠭᠠᠵᠠᠷ ᠨᠤᠲᠤᠭ ᠥᠷᠭᠡᠨ᠂ ᠲᠡᠦᠬᠡ ᠶᠢᠨ ᠳᠤᠷᠠᠰᠬᠠᠯᠲᠤ ᠵᠦᠢᠯ ᠤᠨ ᠴᠡᠭ ᠤᠯᠠᠨ᠂ ᠪᠦᠬᠦ ᠰᠢᠶᠠᠨ ᠳᠤ ᠰᠢᠯᠵᠢᠭᠦᠯᠵᠦ ᠪᠣᠯᠤᠰᠢ ᠦᠭᠡᠢ 525 ᠲᠡᠦᠬᠡ ᠶᠢᠨ ᠳᠤᠷᠠᠰᠬᠠᠯᠲᠤ ᠵᠦᠢᠯ ᠪᠤᠢ᠂ ᠡᠭᠦᠨ ᠳᠤ ᠤᠯᠤᠰ ᠤᠨ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ 5 ᠨᠢᠭᠡᠴᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ 2 ᠨᠢᠭᠡᠴᠢ᠂ ᠬᠤᠳᠠ ᠶᠢᠨ ᠲᠡᠰ ᠤᠨ 3 ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠪᠣᠯᠤᠨ ᠳᠡᠰ ᠲᠣᠭᠲᠠᠭᠠᠭᠠᠳᠤᠢ 515 ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠪᠠᠭᠲᠠᠨ᠎ᠠ᠃ ᠡᠳᠡᠭᠡᠷ ᠲᠡᠤᠬᠡ ᠶᠢᠨ ᠳᠤᠷᠠᠰᠬᠠᠯᠲᠤ ᠵᠦᠢᠯᠡᠰ ᠨᠢ ᠡᠷᠲᠡᠨ ᠤ ᠰᠣᠶᠣᠯ ᠤᠨ ᠪᠠᠭᠤᠷᠢ᠂ ᠡᠷᠲᠡᠨ ᠤ ᠣᠩᠭᠤᠨ᠂ ᠡᠷᠲᠡᠨ ᠤ ᠪᠠᠷᠢᠯᠭ᠎ᠠ᠂ ᠴᠢᠯᠠᠭᠤᠨ ᠠᠭᠤᠢ ᠶᠢᠨ ᠰᠦᠮ᠎ᠡ ᠵᠢᠴᠢ ᠣᠶᠢᠷ᠎ᠠ ᠦᠶ᠎ᠡ ᠶᠢᠨ ᠴᠢᠬᠤᠯᠠ ᠲᠡᠦᠬᠡᠨ ᠦᠯᠡᠳᠡᠭᠳᠡᠯ ᠵᠡᠷᠭᠡ ᠣᠯᠠᠨ ᠲᠥᠷᠥᠯ ᠢ ᠬᠠᠮᠤᠷᠴᠤ᠂ ᠨᠢᠩᠴᠧᠩ ᠤᠨ ᠲᠡᠦᠬᠡ ᠰᠣᠶᠣᠯ ᠤᠨ ᠡᠷᠬᠢᠮ ᠨᠠᠨᠳᠢᠨ ᠥᠪ ᠬᠥᠷᠥᠩᠭᠡ ᠪᠣᠯᠤᠨ᠎ᠠ᠃ ᠲᠤᠬᠠᠶ ᠶᠢᠨ ᠲᠠᠯᠠᠪᠤᠷ ᠲᠤ ᠳᠠᠬᠢᠨ ᠬᠢᠨᠠᠬᠤ ᠶᠠᠪᠤᠴᠠ ᠳᠤ᠂ ᠨᠡᠶᠢᠲᠡ 42 ᠲᠡᠤᠬᠡ ᠶᠢᠨ ᠳᠤᠷᠠᠰᠬᠠᠯᠲᠤ ᠵᠦᠢᠯ ᠤᠨ ᠪᠠᠭᠤᠷᠢ ᠶᠢ ᠰᠢᠨ᠎ᠡ ᠪᠠᠷ ᠢᠯᠡᠷᠡᠭᠦᠯᠵᠦ᠂ ᠡᠲᠡᠭᠡᠷ ᠰᠢᠨ᠎ᠡ ᠪᠠᠷ ᠢᠯᠡᠷᠡᠭᠦᠯᠦᠭᠰᠡᠨ ᠲᠡᠤᠬᠡ ᠶᠢᠨ ᠳᠤᠷᠠᠰᠬᠠᠯᠲᠤ ᠵᠦᠢᠯᠡᠰ ᠨᠢ ᠨᠢᠩᠴᠧᠩ ᠰᠢᠶᠠᠨ ᠤ ᠲᠡᠤᠬᠡ ᠶᠢᠨ ᠳᠤᠷᠠᠰᠬᠠᠯᠲᠤ ᠵᠦᠢᠯ ᠤᠨ ᠡᠷᠳᠡᠨᠢ ᠶᠢᠨ ᠬᠥᠮᠥᠷᠭᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠨᠢᠩᠴᠧᠩ ᠰᠢᠶᠠᠨ ᠤ ᠲᠡᠤᠬᠡ ᠰᠣᠶᠣᠯ ᠢ ᠰᠤᠳᠤᠯᠬᠤ ᠳᠤ ᠬᠤᠪᠣᠷ ᠨᠠᠨᠳᠢᠨ ᠪᠣᠳᠠᠲᠤ ᠪᠣᠳᠠᠰ ᠤᠨ ᠮᠠᠲ᠋ᠧᠷᠢᠶᠠᠯ ᠢ ᠬᠠᠩᠭᠠᠪᠠ᠃ ᠡᠭᠦᠨ ᠤ ᠬᠠᠮᠲᠤ᠂ ᠨᠡᠶᠢᠳᠡᠮ ᠪᠠᠶᠢᠴᠠᠭᠠᠯᠲᠠ ᠶᠢᠨ ᠠᠵᠢᠯ ᠨᠢ ᠴᠦ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠬᠠᠶ ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠠᠩ ᠣᠯᠠᠨ ᠣᠯᠠᠨ ᠲᠦᠮᠡᠨ ᠳᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠶ ᠤᠷᠤᠯᠴᠠᠭᠤᠯᠤᠨ᠎ᠠ᠃ ᠵᠠᠯᠭᠠᠭᠠᠳ᠂ ᠨᠢᠩᠴᠧᠩ ᠰᠢᠶᠠᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠠᠩᠭᠢ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠭᠤᠷᠢᠭ ᠬᠤᠲᠠ ᠰᠢᠶᠠᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠮᠡᠳᠡᠭᠡ ᠵᠠᠩᠭᠢ ᠶᠢ ᠡᠮᠬᠢᠯᠡᠬᠦ᠂ ᠲᠤᠭ᠎ᠠ ᠪᠠᠷᠢᠮᠲᠠ ᠶᠢ ᠲᠤᠰᠢᠶᠠᠬᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠵᠡᠷᠭᠡ ᠪᠥᠬᠦ ᠶᠠᠪᠤᠴᠠ ᠶᠢᠨ ᠠᠵᠢᠯ ᠤᠨ ᠡᠭᠦᠷᠭᠡ ᠶᠢ ᠦᠷᠭᠦᠯᠵᠢᠯᠡᠨ ᠰᠠᠶᠢᠲᠤᠷ ᠬᠢᠵᠦ᠂ ︽ᠳᠥᠷᠪᠡ ᠶᠢ ᠲᠦᠭᠡᠮᠡᠯᠵᠢᠭᠦᠯᠬᠦ︾ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号