| ᠨᠢᠭᠡ ᠳᠤ᠂ ᠡᠬᠢ ᠡᠭᠦᠰᠦᠯ ᠠᠴᠠ ᠨᠢ ᠴᠢᠬᠤᠯᠠᠴᠢᠯᠠᠵᠤ᠂ ᠤᠷᠢᠳᠴᠢᠯᠠᠨ ᠰᠡᠷᠭᠡᠶᠢᠯᠡᠨ᠎ᠡ᠃ ᠵᠥᠷᠢᠴᠡᠯ ᠡᠭᠦᠰᠬᠦ ᠶᠢ | ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠬᠤ ᠶᠢ ᠴᠢᠬᠤᠯᠠᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠵᠢᠭᠰᠠᠭᠠᠨ ᠪᠠᠶᠢᠴᠠᠭᠠᠬᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠷᠪᠤᠯᠵᠢᠯᠠᠬᠤ ᠬᠡᠯᠪᠡᠷᠢ ᠪᠠᠷ ᠳᠠᠮᠵᠢᠭᠤᠯᠤᠨ᠂ | ᠲᠣᠰᠬᠤᠨ ᠤ ᠱᠠᠲᠤᠨ ᠤ ᠬᠡᠷᠡᠭ ᠶᠠᠪᠤᠳᠠᠯ᠂ ᠴᠠᠯᠢᠩ ᠨᠡᠬᠡᠬᠦ ᠠᠰᠠᠭᠤᠳᠠᠯ᠂ ᠬᠥᠷᠰᠢ ᠵᠡᠷᠭᠡᠯᠡᠳᠡᠭᠡ ᠶᠢᠨ | ᠵᠢᠭᠤᠷᠠᠯᠳᠤᠭᠠᠨ᠂ ᠤᠷᠤᠭ ᠤᠨ ᠵᠢᠭᠤᠷᠠᠯᠳᠤᠭᠠᠨ᠂ ᠭᠠᠵᠠᠷ ᠰᠢᠷᠣᠶ ᠶᠢᠨ ᠵᠢᠭᠤᠷᠠᠯᠳᠤᠭᠠᠨ ᠵᠡᠷᠭᠡ ᠣᠯᠠᠨ ᠲᠦᠮᠡᠨ ᠤ | ᠠᠩᠬᠠᠷᠴᠤ ᠪᠠᠶᠢᠭ᠎ᠠ᠂ ᠲᠤᠰᠬᠠᠯ ᠴᠢᠩᠭ᠎ᠠ ᠪᠠᠶᠢᠭ᠎ᠠ ᠭᠤᠤᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ | ᠪᠠᠯᠭᠠᠰᠤᠨ ᠤ ᠬᠡᠪᠴᠢᠶᠡᠨ ᠳᠤ ᠪᠠᠶᠢᠩᠭᠤ ᠰᠠᠭᠤᠭ᠎ᠠ ᠡᠷᠦᠬᠡ ᠶᠢᠨ 7600 ᠭᠠᠷᠤᠶ ᠡᠷᠦᠬᠡ ᠶᠢ ᠣᠯᠠᠨ ᠤᠳᠠᠭ᠎ᠠ | ᠵᠢᠭᠰᠠᠭᠠᠨ ᠪᠠᠶᠢᠴᠠᠭᠠᠵᠤ᠂ ᠡᠷᠲᠡ ᠢᠯᠡᠷᠡᠭᠦᠯᠵᠦ᠂ ᠡᠷᠲᠡ ᠣᠷᠣᠯᠴᠠᠵᠤ᠂ ᠡᠷᠲᠡ ᠠᠷᠢᠯᠭᠠᠬᠤ ᠶᠢ ᠪᠡᠶᠡᠯᠡᠭᠦᠯᠪᠡ᠃ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠢᠶᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ | ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠠᠮᠤᠷ ᠲᠦᠪᠰᠢᠨ ᠤ ᠠᠯᠪᠠᠨ ᠬᠡᠷ᠂ ᠲᠣᠰᠬᠤᠨ ᠤ | ᠳᠠᠷᠤᠭ᠎ᠠ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠪᠠᠷ ᠪᠦᠷᠢᠯᠳᠦᠬᠦᠨ ᠪᠣᠯᠭᠠᠭᠰᠠᠨ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠨᠠᠮ ᠤᠨ ᠬᠤᠷᠢᠶ᠎ᠠ ᠵᠠᠰᠠᠭ ᠤᠨ ᠣᠷᠳᠣᠨ ᠨᠢᠭᠡᠳᠦᠯᠲᠡᠶ | ᠤᠳᠤᠷᠢᠳᠬᠤ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ | ᠨᠠᠮ ᠤᠨ ᠡᠭᠦᠷ ᠤᠨ ᠱᠦᠵᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ︾ ᠠᠵᠢᠯ ᠤᠨ ᠲᠣᠭᠲᠠᠴᠠ ᠶᠢ ᠪᠣᠶ | ᠪᠣᠯᠭᠠᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠤ ᠠᠭᠤᠰᠬᠠᠨ ᠣᠷᠣᠭᠤᠯᠵᠤ᠂ ᠪᠠᠯᠭᠠᠰᠤ᠂ ᠲᠣᠰᠬᠤᠨ᠂ ᠳᠤᠭᠤᠶᠢᠯᠠᠩ ᠭᠤᠷᠪᠠᠨ ᠱᠠᠲᠤᠨ ᠤ | ᠬᠡᠰᠡᠭ ᠬᠠᠮᠢᠶᠠᠷᠤᠬᠴᠢ ᠠᠰᠠᠭᠤᠳᠠᠯ ᠤᠨ ᠨᠠᠷᠢᠨ ᠲᠠᠩᠰᠠ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ | ᠨᠠᠷᠢᠨ ᠲᠠᠩᠰᠠ ᠶᠢ ᠪᠥᠬᠦ ᠲᠠᠯ᠎ᠠ ᠪᠠᠷ ᠴᠤᠭᠯᠠᠭᠤᠯᠵᠤ᠂ ︽ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ | ᠬᠡᠷ ᠲᠤᠨᠢ ᠬᠦᠷᠴᠦ ᠰᠢᠢᠳᠪᠤᠷᠢᠯᠡᠨ︾᠂ ︽ᠪᠠᠭ᠎ᠠ ᠵᠥᠷᠢᠴᠡᠯ︾ ᠢ ᠠᠷᠢᠯᠭᠠᠬᠤ᠂ ︽ᠶᠡᠭᠡ ᠠᠮᠤᠷ ᠠᠮᠤᠭᠤᠯᠠᠩ︾ | ᠢ ᠪᠠᠶᠢᠭᠤᠯᠬᠤ ᠶᠢ ᠦᠨᠡᠨ ᠬᠦ ᠪᠡᠶᠡᠯᠡᠭᠦᠯᠵᠦ᠂ ᠳᠡᠭᠡᠷ᠎ᠡ ᠬᠤᠷᠤᠭ᠎ᠠ ᠪᠠᠯᠭᠠᠰᠤᠨ ᠤ ᠲᠣᠰᠬᠤᠨ ᠤ ᠠᠷᠠᠳ ᠤᠨ ᠠᠮᠤᠷ | ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠬᠤᠶᠠᠷ ᠲᠤ᠂ ᠡᠪᠡᠳᠴᠢᠨ ᠤ ᠰᠢᠯᠲᠠᠭᠠᠨ ᠢ ᠣᠨᠣᠪᠴᠢᠲᠠᠶ ᠡᠷᠢᠵᠦ᠂ ᠡᠪᠡᠳᠴᠢᠨ ᠳᠤᠨᠢ ᠲᠠᠭᠠᠷᠠᠭᠤᠯᠤᠨ ᠡᠮ | ᠥᠭᠭᠦᠨ᠎ᠡ᠃ ᠳᠡᠭᠡᠷ᠎ᠡ ᠬᠤᠷᠤᠭ᠎ᠠ ᠪᠠᠯᠭᠠᠰᠤᠨ ᠤ ᠵᠠᠰᠠᠭ ᠤᠨ ᠣᠷᠳᠣᠨ ᠣᠯᠠᠨ ᠲᠦᠮᠡᠨ ᠤ ᠬᠠᠮᠤᠭ ᠠᠴᠠ ᠠᠩᠬᠠᠷᠴᠤ | ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠬᠦ ᠪᠠᠷ | ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠣᠯᠭᠠᠵᠤ᠂ ︽ᠵᠢᠭᠰᠠᠭᠠᠨ ᠪᠠᠶᠢᠴᠠᠭᠠᠬᠤ ᠶᠢᠨ ᠳᠠᠭᠠᠤ ᠠᠷᠢᠯᠭᠠᠬᠤ︾ | ᠠᠵᠢᠯ ᠤᠨ ᠵᠠᠭᠪᠤᠷ ᠢ ᠠᠪᠴᠤ᠂ ᠢᠯᠡᠷᠡᠭᠦᠯᠦᠭᠰᠡᠨ ᠨᠡᠯᠢᠶᠡᠳ ᠪᠠᠭ᠎ᠠ ᠵᠥᠷᠢᠴᠡᠯ ᠵᠢᠭᠤᠷᠠᠯᠳᠤᠭᠠᠨ ᠢ ᠲᠣᠰᠬᠤᠨ ᠤ | ᠱᠠᠲᠤᠨ ᠤ ᠪᠠᠶᠢᠴᠠᠭᠠᠯᠲᠠ ᠶᠢᠨ ᠲᠥᠪ ᠠᠴᠠ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠠᠢ | ᠬᠠᠮᠲᠤᠷᠠᠨ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ᠨᠡᠯᠢᠶᠡᠳ ᠶᠡᠭᠡ ᠵᠥᠷᠢᠴᠡᠯ | ᠵᠢᠭᠤᠷᠠᠯᠳᠤᠭᠠᠨ ᠢ ᠲᠣᠰᠬᠤᠨ ᠤ ᠱᠦᠵᠢ ᠪᠣᠯᠤᠨ ᠲᠣᠮᠢᠯᠠᠨ ᠰᠠᠭᠤᠯᠭᠠᠭᠰᠠᠨ ᠺᠠᠳ᠋ᠷ ᠴᠠᠭᠳᠠᠭ᠎ᠠ ᠨᠠᠷᠢᠨ ᠲᠣᠳᠣᠷᠬᠠᠶ | ᠪᠠᠶᠢᠴᠠᠭᠠᠨ ᠪᠠᠯᠭᠠᠰᠤᠨ ᠤ ᠱᠠᠲᠤᠨ ᠤ ᠳᠠᠪᠬᠤᠷᠭ᠎ᠠ ᠳᠤ ᠮᠡᠳᠡᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ | ᠬᠠᠮᠲᠤᠷᠠᠭᠰᠠᠨ ᠬᠤᠯᠪᠣᠭᠳᠠᠯ ᠪᠦᠬᠦᠢ ᠥᠷᠲᠡᠭᠡ ᠶᠢᠨ ᠡᠷᠬᠢᠯᠡᠬᠦ ᠲᠠᠰᠤᠭ ᠠᠴᠠ ᠬᠠᠮᠲᠤᠷᠠᠨ ᠣᠨᠣᠰᠢᠯᠠᠵᠤ᠂ | ᠠᠷᠢᠯᠭᠠᠬᠤ ᠲᠥᠰᠦᠯ ᠢ ᠬᠠᠮᠲᠤᠪᠠᠷ ᠲᠣᠭᠲᠠᠭᠠᠨ᠎ᠠ᠃ ᠠᠵᠢᠯ ᠲᠥᠷᠥᠯ ᠤᠨ ᠬᠦᠷᠢᠶᠡᠨ ᠳᠤ ᠬᠤᠯᠪᠣᠭᠳᠠᠬᠤ | ᠪᠤᠳᠤᠯᠢᠶᠠᠨᠲᠠᠶ ᠵᠥᠷᠢᠴᠡᠯ ᠢ ᠪᠣᠯ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠬᠠᠶ | ᠠᠩᠭᠢ ᠵᠣᠬᠢᠶᠠᠨ ᠪᠠᠶᠢᠭᠤᠯᠤᠨ ᠲᠤᠰᠬᠠᠶ ᠵᠦᠢᠯ ᠢᠶᠠᠷ ᠰᠢᠢᠳᠪᠤᠷᠢᠯᠡᠵᠦ᠂ ᠱᠠᠲᠤ ᠬᠤᠪᠢᠶᠠᠨ ᠲᠥᠷᠥᠯ ᠬᠤᠪᠢᠶᠠᠨ | ᠬᠠᠮᠢᠶᠠᠷᠬᠤ ᠠᠷᠭ᠎ᠠ ᠶᠢ ᠬᠡᠷᠡᠭᠯᠡᠨ᠂ ︽ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ︾ ᠶᠢ | ᠦᠢᠯᠡᠳᠦᠯᠭᠡᠵᠢᠭᠦᠯᠵᠦ᠂ ︽ᠬᠤᠤᠰ ᠵᠠᠭᠤᠨ ᠤ ᠠᠵᠢᠯᠯᠠᠭ᠎ᠠ︾᠂ ︽ᠨᠠᠮᠤᠷ ᠤᠨ ᠤᠯᠠᠷᠢᠯ ᠤᠨ ᠳᠠᠭᠠᠷᠢᠯᠲᠠ︾ ᠶᠢᠨ | ᠲᠤᠰᠬᠠᠶ ᠠᠵᠢᠯ ᠲᠠᠢ ᠤᠶᠠᠯᠳᠤᠭᠤᠯᠤᠨ᠂ ᠳᠡᠭᠡᠷ᠎ᠡ ᠬᠤᠷᠤᠭ᠎ᠠ ᠪᠠᠯᠭᠠᠰᠤᠨ ᠤ ᠵᠥᠷᠢᠴᠡᠯ ᠵᠢᠭᠤᠷᠠᠯᠳᠤᠭᠠᠨ ᠢ | ᠡᠶᠡᠳᠡᠭᠦᠯᠦᠨ ᠰᠢᠢᠳᠪᠤᠷᠢᠯᠡᠬᠦ ᠨᠣᠷᠮ᠎ᠠ 90% ᠳᠤ ᠬᠦᠷᠴᠦ᠂ ᠪᠥᠬᠦ ᠪᠠᠯᠭᠠᠰᠤᠨ ᠤ ᠨᠡᠶᠢᠭᠡᠮ ᠤᠨ ᠶᠡᠭᠡ ᠲᠠᠯ᠎ᠠ ᠶᠢᠨ | ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ ᠠᠮᠤᠷ ᠲᠦᠪᠰᠢᠨ ᠡᠶ᠎ᠡ | ᠨᠠᠶᠢᠷᠠᠮᠳᠠᠭᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | ᠭᠤᠷᠪᠠ ᠳᠤ᠂ ᠤᠬᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ ᠶᠣᠰᠣᠭᠠᠷ ᠡᠷᠬᠡ ᠪᠠᠨ | ᠬᠠᠮᠠᠭᠠᠯᠠᠨ᠎ᠠ᠃ ᠡᠳᠦᠷ ᠲᠤᠲᠤᠮ ᠤᠨ ᠰᠤᠷᠪᠤᠯᠵᠢᠯᠠᠭ᠎ᠠ ᠪᠠ ᠤᠬᠠᠭᠤᠯᠭ᠎ᠠ ᠬᠥᠮᠦᠵᠢᠯ ᠢ ᠣᠷᠭᠠᠨᠢᠭ ᠢᠶᠠᠷ | ᠤᠶᠠᠯᠳᠤᠭᠤᠯᠵᠤ᠂ ᠣᠯᠠᠨ ᠲᠦᠮᠡᠨ ᠤ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ | ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠳᠤᠮᠳᠠ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ | ᠰᠢᠨ᠎ᠡ ᠶᠢ ᠡᠭᠦᠳᠴᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠬᠥᠳᠡᠭᠡ ᠲᠣᠰᠬᠤᠨ ᠤ ᠰᠣᠶᠣᠯ | ᠵᠢᠭᠤᠯᠴᠢᠯᠠᠯ᠂ ᠵᠣᠨ ᠤ ᠠᠮᠠᠷᠠᠯᠲᠠ ᠶᠢᠨ ᠬᠡᠷ ᠪᠦᠯᠢ ᠶᠢᠨ ᠬᠢᠴᠢᠶᠡᠯ ᠤᠨ ᠲᠠᠩᠬᠢᠮ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠬᠠᠤᠯᠢ ᠲᠦᠷᠢᠮ ᠤᠨ | ᠤᠬᠠᠭᠤᠯᠭ᠎ᠠ ᠶᠢᠨ ᠰᠠᠶᠢᠨ ᠳᠤᠷᠠᠴᠤᠳ ᠢ 200 ᠭᠠᠷᠤᠶ ᠬᠥᠮᠦᠨ ᠤᠳᠠᠭ᠎ᠠ ᠴᠤᠭᠯᠠᠭᠤᠯᠵᠤ᠂ ᠬᠠᠤᠯᠢ ᠪᠠᠷ ᠵᠠᠰᠠᠬᠤ | ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠪᠠ︔ ᠬᠠᠤᠯᠢ ᠲᠦᠷᠢᠮ ᠤᠨ ᠲᠠᠶᠢᠯᠤᠮᠵᠢ ᠶᠢ | 10 ᠭᠠᠷᠤᠶ ᠤᠳᠠᠭ᠎ᠠ ᠡᠷᠬᠢᠯᠡᠵᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠲᠤᠬᠠᠢ ᠶᠢᠨ ᠲᠠᠯᠠᠪᠤᠷ ᠲᠤ | ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠵᠢᠭᠤᠷᠠᠯᠳᠤᠭᠠᠨ ᠲᠠᠢ ᠦᠶ᠎ᠡ ᠳᠤ ᠠᠷᠠᠳ ᠤᠨ ᠡᠶᠡᠳᠡᠭᠦᠯᠭᠡ ᠬᠢᠬᠦ ᠠᠷᠭ᠎ᠠ ᠵᠠᠮ ᠢᠶᠠᠷ | ᠳᠠᠮᠵᠢᠭᠤᠯᠤᠨ ᠰᠢᠢᠳᠪᠦᠷᠢᠯᠡᠵᠦ᠂ ᠬᠠᠤᠯᠢ ᠴᠠᠭᠠᠵᠠ ᠶᠢᠨ ᠠᠷᠭ᠎ᠠ ᠪᠠᠷᠢᠯ ᠢ ᠠᠰᠢᠭᠯᠠᠨ ᠡᠷᠬᠡ ᠠᠰᠢᠭ ᠢᠶᠠᠨ | ᠬᠠᠮᠠᠭᠠᠯᠠᠵᠤ᠂ ᠬᠠᠤᠯᠢ ᠶᠣᠰᠣᠨ ᠤ ᠵᠦᠢ ᠵᠣᠬᠢᠰᠲᠠᠶ ᠵᠦᠢ ᠶᠣᠰᠣᠨ ᠤ ᠠᠷᠭ᠎ᠠ ᠮᠠᠶ᠋ᠢᠭ ᠢᠶᠠᠷ ᠵᠥᠷᠢᠴᠡᠯ ᠢ | ᠰᠢᠢᠳᠪᠦᠷᠢᠯᠡᠪᠡ᠃ | |