| ᠨᠢᠭᠡ ᠳᠤ᠂ ᠦᠢᠯᠡᠳᠪᠦᠷᠢᠯᠡᠯ ᠤᠨ ᠠᠭᠤᠷᠬᠠᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠭᠤᠣᠯᠳᠠᠯᠭ᠎ᠠ ᠲᠠᠢ | ᠬᠢᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠭᠤᠷᠬᠠᠶ ᠶᠢᠨ ᠳᠠᠭᠠᠭᠠᠴᠢᠯᠠᠬᠤ ᠬᠠᠷᠢᠭᠤᠴᠠᠯᠭᠠᠲᠠᠨ | ᠪᠣᠯᠤᠭᠰᠠᠨ ᠤ ᠬᠤᠪᠢ ᠳᠤ᠂ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠪᠦᠯᠬᠦᠮ ᠳᠠᠭᠠᠭᠤᠯᠤᠨ | ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠦ᠂ | ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡᠯ ᠠᠵᠤ ᠠᠬᠤᠶᠢᠯᠠᠯ ᠢ ᠳᠠᠷᠦ᠋ᠢᠬᠠᠨ | ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠤᠷᠢᠯᠡᠬᠦ ᠶᠢ ᠦᠨᠡᠨ ᠬᠦ | ᠪᠠᠲᠤᠯᠠᠬᠤ ᠶᠢᠨ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠤᠷᠪᠠᠳᠤᠭᠠᠷ ᠡᠳᠡᠭᠡᠳ ᠲᠤ ᠨᠠᠶᠢᠳᠠᠵᠤ | ᠠᠭᠤᠷᠬᠠᠶ ᠶᠢᠨ ᠠᠭᠤᠷᠬᠠᠶ ᠨᠡᠭᠡᠭᠡᠨ ᠮᠠᠯᠲᠠᠬᠤ ᠪᠠᠶᠢᠳᠠᠯ ᠳᠤ ᠪᠥᠬᠦ ᠲᠠᠯ᠎ᠠ ᠶᠢᠨ ᠬᠡᠮᠵᠢᠯᠲᠡ ᠬᠢᠵᠦ᠂ ᠬᠠᠤᠯᠢ ᠠᠴᠠ | ᠵᠥᠷᠢᠴᠡᠭᠰᠡᠨ ᠠᠰᠠᠭᠤᠳᠠᠯ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ᠂ ᠬᠠᠶᠢᠨ ᠰᠢᠨᠵᠢᠯᠡᠵᠦ ᠠᠵᠢᠯᠯᠠᠵᠤ ᠪᠠᠶᠢᠭ᠎ᠠ ᠠᠭᠤᠷᠬᠠᠶ ᠶᠢᠨ ᠠᠵᠤ ᠠᠬᠤᠶᠢᠯᠠᠯ ᠤᠨ ᠠᠶᠦᠯᠭᠦᠢ ᠶᠢᠨ | ᠪᠠᠶᠢᠴᠠᠭᠠᠯᠲᠠ ᠶᠢ ᠭᠤᠣᠯᠳᠠᠯᠭ᠎ᠠ ᠲᠠᠢ ᠬᠢᠵᠦ᠂ ᠤᠯᠠᠷᠢᠯ ᠪᠦᠷᠢ ᠬᠠᠶᠢᠨ ᠰᠢᠨᠵᠢᠯᠡᠵᠦ ᠠᠵᠢᠯᠯᠠᠵᠤ ᠪᠠᠶᠢᠭ᠎ᠠ | ᠠᠭᠤᠷᠬᠠᠶ ᠶᠢᠨ ᠠᠵᠤ ᠠᠬᠤᠶᠢᠯᠠᠯ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠠᠵᠤ | ᠠᠬᠤᠶᠢᠯᠠᠯ ᠤᠨ ᠬᠠᠶᠢᠨ ᠰᠢᠨᠵᠢᠯᠡᠬᠦ ᠶᠢᠨ ᠬᠡᠷᠡᠭᠵᠢᠭᠦᠯᠬᠦ ᠲᠥᠰᠦᠯ ᠤᠨ ᠶᠣᠰᠣᠭᠠᠷ ᠬᠠᠶᠢᠨ ᠰᠢᠨᠵᠢᠬᠦ ᠶᠢ ᠦᠨᠡᠨ ᠬᠦ | ᠪᠠᠲᠤᠯᠠᠵᠤ᠂ ᠮᠠᠯᠲᠠᠬᠤ ᠪᠠᠷ ᠬᠠᠶᠢᠨ ᠰᠢᠨᠵᠢᠯᠡᠬᠦ ᠶᠢ ᠣᠷᠣᠯᠠᠭᠤᠯᠬᠤ᠂ ᠬᠡᠪᠴᠢᠶ᠎ᠡ ᠬᠡᠳᠤᠷᠠᠭᠦᠯᠵᠦ ᠬᠠᠶᠢᠨ ᠪᠠᠶᠢᠴᠠᠭᠠᠬᠤ | ᠵᠡᠷᠭᠡ ᠬᠠᠤᠯᠢ ᠠᠴᠠ ᠵᠥᠷᠢᠴᠡᠭᠰᠡᠨ ᠠᠰᠠᠭᠤᠳᠠᠯ ᠭᠠᠷᠬᠤ ᠠᠴᠠ ᠵᠠᠶᠢᠯᠠᠰᠬᠢᠨ᠎ᠡ᠃ | ᠭᠤᠷᠪᠠ ᠳᠤ ᠠᠭᠤᠷᠬᠠᠢ ᠶᠢᠨ ᠭᠠᠵᠠᠷ ᠤᠨ ᠭᠠᠮᠰᠢᠭ ᠤᠨ ᠳᠠᠯᠳᠠ ᠭᠡᠮ ᠤᠨ ᠪᠠᠶᠢᠴᠠᠭᠠᠯᠲᠠ ᠶᠢ ᠭᠤᠣᠯᠳᠠᠯᠭ᠎ᠠ ᠲᠠᠢ | ᠵᠣᠭᠰᠣᠭᠠᠵᠤ᠂ ᠦᠢᠯᠡᠳᠪᠦᠷᠢᠯᠡᠯ ᠢᠶᠠᠨ ᠵᠣᠭᠰᠣᠭᠠᠭᠰᠠᠨ ᠠᠭᠤᠷᠬᠠᠢ ᠶᠢᠨ ᠠᠵᠤ ᠠᠬᠤᠶᠢᠯᠠᠯ ᠳᠤ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠭᠤᠷᠬᠠᠢ ᠶᠢᠨ ᠮᠠᠯᠲᠠᠯᠲᠠ ᠶᠢᠨ ᠣᠷᠣᠨ ᠢ | ᠲᠣᠭᠤᠷᠢᠨ ᠪᠠᠶᠢᠴᠠᠭᠠᠵᠤ ᠬᠢᠨᠠᠨ ᠬᠡᠮᠵᠢᠵᠦ᠂ ᠮᠠᠯᠲᠠᠵᠤ ᠬᠥᠨᠳᠡᠶᠢᠷᠡᠭᠰᠡᠨ ᠣᠷᠣᠨ ᠴᠥᠮᠥᠷᠡᠬᠦ᠂ ᠭᠠᠵᠠᠷ ᠤᠨ ᠠᠩ | ᠴᠠᠪᠠ᠂ ᠠᠭᠤᠯᠠ ᠶᠡᠭᠦᠷᠡᠬᠦ ᠵᠡᠷᠭᠡ ᠠᠭᠤᠷᠬᠠᠢ ᠶᠢᠨ ᠭᠠᠵᠠᠷ ᠤᠨ ᠭᠠᠮᠰᠢᠭ ᠤᠨ ᠳᠠᠯᠳᠠ ᠭᠡᠮ ᠣᠷᠣᠰᠢᠵᠤ ᠪᠠᠶᠢᠬᠤ | ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠬᠠᠮᠤᠭ ᠤᠨ ᠲᠡᠷᠢᠭᠦᠨ ᠳᠤ ᠠᠰᠠᠭᠤᠳᠠᠯ ᠢ ᠢᠯᠡᠷᠡᠭᠦᠯᠵᠦ᠂ | ᠠᠰᠠᠭᠤᠳᠠᠯ ᠢ ᠰᠢᠢᠳᠪᠦᠷᠢᠯᠡᠬᠦ ᠶᠢ ᠪᠠᠲᠤᠯᠠᠨ᠎ᠠ᠃ | |