ᠨᠢᠩᠴᠧᠩ ᠰᠢᠶᠠᠨ ᠤ ᠬᠠᠶ ᠰᠧᠨ ᠬᠤᠸᠠ ᠴᠥᠩ ︵ᠥᠪᠥᠷ ᠮᠣᠩᠭᠤᠯ︶ ᠬᠥᠪᠰᠥᠭᠡᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠠᠳᠠᠭᠰᠢ ᠭᠠᠷᠭᠠᠭᠰᠠᠨ ᠬᠡᠮᠵᠢᠶ᠎ᠡ ᠮᠢᠩᠭᠠᠨ ᠲᠦᠮᠡᠨ ᠳ᠋ᠣᠯᠯᠠᠷ ᠢ ᠳᠠᠪᠠᠪᠠ
ᠨᠡᠶᠢᠲᠡᠯᠡᠭᠰᠡᠨ ᠴᠠᠭ᠄
2024/11/26
    ᠨᠢᠩᠴᠧᠩ ᠰᠢᠶᠠᠨ ᠤ ᠬᠠᠢ ᠰᠧᠨ ᠬᠤᠸᠠ ᠴᠥᠩ ︵ᠥᠪᠥᠷ ᠮᠣᠩᠭᠤᠯ︶ ᠤᠨ ᠬᠥᠪᠰᠥᠭᠡᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠪᠦᠬᠦ ᠪᠥᠮᠪᠥᠷᠴᠡᠭ ᠤᠨ ᠡᠩᠬᠦᠷᠡᠢ ᠠᠮᠢᠲᠠᠨ ᠤ ᠬᠡᠷᠡᠭᠰᠡᠯ ᠤᠨ ᠠᠷᠠᠯᠵᠢᠶ᠎ᠠ ᠳᠤ ᠠᠩᠬᠠᠷᠤᠯ ᠲᠠᠯᠪᠢᠵᠤ ᠪᠠᠶᠢᠭ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠺᠣᠮᠫᠠᠨᠢ ᠪᠠᠶᠢᠵᠤ᠂ ᠶᠡᠷᠦᠩᠬᠡᠢ ᠬᠡᠯᠲᠡᠰ ᠨᠢᠩᠴᠧᠩ ᠰᠢᠶᠠᠨ ᠳᠤ ᠪᠤᠢ᠃ ᠲᠤᠰ ᠺᠣᠮᠫᠠᠨᠢ ᠪᠡᠯᠡ ᠣᠷᠣᠭᠤᠯᠵᠤ ᠪᠠᠶᠢᠭᠤᠯᠤᠭᠰᠠᠨ ᠨᠢᠩᠴᠧᠩ ᠰᠢᠶᠠᠨ ᠤ ᠳ᠋ᠧᠦᠹᠦ᠋ ᠮᠤᠤᠷ ᠤᠨ ᠡᠯᠡᠰᠤᠨ ᠦᠢᠯᠡᠳᠪᠦᠷᠢ ᠶᠢᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.3 ᠳ᠋ᠦᠩᠰᠢᠭᠤᠷ ᠲᠥᠭᠦᠷᠢᠭ᠂ 94 ᠮᠦ ᠲᠠᠯᠠᠪᠠᠢ ᠡᠵᠡᠯᠡᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 2.56 ᠲᠦᠮᠡᠨ ᠲᠡᠭᠰᠢ ᠳᠥᠷᠪᠡᠯᠵᠢᠨ ᠮᠧᠲᠷ᠂ ᠡᠭᠦᠨ ᠳᠤ ᠦᠢᠯᠡᠳᠪᠦᠷᠢᠯᠡᠯ ᠤᠨ ᠲᠠᠰᠤᠭ 2.2 ᠲᠦᠮᠡᠨ ᠲᠡᠭᠰᠢ ᠳᠥᠷᠪᠡᠯᠵᠢᠨ ᠮᠧᠲᠷ᠂ ᠠᠯᠪᠠᠯᠠᠬᠤ ᠠᠮᠢᠳᠤᠷᠠᠯ ᠳᠤ ᠬᠡᠷᠡᠭᠯᠡᠬᠦ ᠭᠡᠷ 2000 ᠲᠡᠭᠰᠢ ᠳᠥᠷᠪᠡᠯᠵᠢᠨ ᠮᠧᠲᠷ᠂ ᠪᠤᠰᠤᠳ ᠲᠤᠰᠠᠯᠠᠬᠤ ᠭᠡᠷ 1600 ᠲᠡᠭᠰᠢ ᠳᠥᠷᠪᠡᠯᠵᠢᠨ ᠮᠧᠲᠷ᠃ ᠲᠣᠰ ᠺᠣᠮᠫᠠᠨᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ᠂ ᠠ ᠯᠢ ᠪᠠ ᠪᠠ᠂ ᠭᠦ᠋ ᠭᠧ ᠵᠡᠷᠭᠡ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ᠂ ᠡᠩᠬᠦᠷᠡᠢ ᠠᠮᠢᠲᠠᠨ ᠤ ᠬᠦᠷᠢᠶᠡᠨ ᠳᠠᠬᠢ ᠨᠠᠷᠠᠲᠤ KOL ᠲᠠᠢ ᠭᠦᠨᠵᠡᠭᠡᠶ ᠬᠠᠮᠲᠤᠷᠠᠯᠴᠠᠬᠤ᠂ ᠭᠠᠳᠠᠭᠠᠳᠤ ᠳᠤ ᠦᠵᠡᠰᠬᠦᠯᠡᠩ ᠳᠤ ᠣᠷᠣᠯᠴᠠᠬᠤ᠂ ᠭᠠᠳᠠᠭᠠᠳᠤ ᠶᠢᠨ ᠬᠤᠳᠠᠯᠳᠤᠭᠠᠴᠢᠳ ᠢ ᠤᠷᠢᠵᠤ ᠦᠢᠯᠡᠳᠪᠦᠷᠢ ᠶᠢ ᠲᠣᠭᠤᠷᠢᠨ ᠦᠵᠡᠵᠦ ᠦᠢᠯᠡᠳᠪᠦᠷᠢ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠢᠯᠢ ᠠᠯᠤᠰᠯᠠᠭᠰᠠᠨ ᠡᠵᠡᠩᠨᠡᠨ ᠪᠣᠷᠣᠯᠠᠭᠤᠯᠬᠤ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠠᠵᠢᠯ ᠤᠨ ᠠᠮᠵᠢᠯᠲᠠ ᠯᠠᠪᠳᠠᠭᠤᠨ ᠢᠶᠠᠷ ᠨᠡᠮᠡᠭᠳᠡᠬᠦ ᠳᠤ ᠬᠦᠴᠦᠨ ᠨᠡᠮᠡᠷᠢᠯᠡᠪᠡ᠃ 2024 ᠣᠨ ᠤ 1 ᠰᠠᠷ᠎ᠠ ᠠᠴᠠ 10 ᠰᠠᠷ᠎ᠠ ᠪᠣᠯᠲᠠᠯ᠎ᠠ᠂ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠲᠤᠭ᠎ᠠ 1037.4 ᠲᠦᠮᠡᠨ ᠳ᠋ᠣᠯᠯᠠᠷ ᠢ ᠪᠡᠶᠡᠯᠡᠭᠦᠯᠵᠦ᠂ ᠮᠢᠩᠭᠠᠨ ᠲᠦᠮᠡᠨ ᠳ᠋ᠣᠯᠯᠠᠷ ᠤᠨ ᠪᠣᠭᠤᠮᠲᠠ ᠶᠢ ᠠᠮᠵᠢᠯᠲᠠᠲᠠᠶ ᠳᠠᠪᠠᠵᠤ ᠂ ᠪᠦᠲᠦᠭᠡᠭᠳᠡᠬᠦᠨ ᠢᠶᠠᠨ ᠹᠢᠯᠢᠫᠢᠨ᠂ ᠢᠨᠳᠣᠨᠧᠰᠢᠶ᠎ᠠ᠂ ᠴᠢᠯᠢ᠂ ᠺᠣᠯᠤᠮᠪᠢᠶ᠎ᠠ ᠵᠡᠷᠭᠡ 130 ᠭᠠᠷᠤᠶ ᠤᠯᠤᠰ ᠲᠤ ᠪᠣᠷᠣᠯᠠᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号