| ᠨᠢᠩᠴᠧᠩ ᠰᠢᠶᠠᠨ ᠤ ᠲᠠᠷᠢᠶᠠᠯᠠᠩ ᠤᠨ ᠮᠧᠬᠠᠨᠢᠭ ᠤᠨ ᠠᠵᠢᠯᠲᠠᠨ ᠤ ᠵᠢᠯᠣᠭᠤᠳᠬᠤ ᠠᠵᠢᠯᠯᠠᠭᠠᠨ ᠤ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠠᠵᠢᠯᠲᠠᠨ ᠤ ᠠᠶᠤᠯᠭᠦᠶ | ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠬᠠᠮᠢᠶᠠᠷᠤᠯᠲᠠ ᠶᠢᠨ ᠵᠢᠷᠤᠮᠵᠢᠯ᠂ ᠦᠢᠯᠡᠴᠢᠯᠡᠭᠡᠨ ᠤ ᠰᠢᠨ᠎ᠡ ᠶᠢ | ᠡᠭᠦᠳᠬᠦ ᠴᠢᠭᠯᠡᠯᠲᠡ ᠶᠣᠰᠣᠭᠠᠷ᠂ ᠬᠥᠮᠦᠨ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢᠶᠠᠷ ᠬᠥᠭᠵᠢᠭᠦᠯᠬᠦ᠂ ︽ | ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠣᠶᠢᠯᠠᠭᠠᠭᠳᠠᠬᠤᠨ ᠢ ᠪᠠᠲᠤ ᠪᠠᠬᠢ | ᠪᠤᠢ ᠪᠣᠯᠭᠠᠵᠤ᠂ ᠵᠢᠯ ᠤᠨ ᠡᠬᠢᠨ ᠳᠤ ᠲᠣᠭᠲᠠᠭᠠᠭᠰᠠᠨ ᠲᠠᠷᠢᠶᠠᠯᠠᠩ ᠤᠨ ᠮᠧᠬᠠᠨᠢᠭ ᠤᠨ ᠵᠢᠯᠣᠭᠤᠳᠬᠤ ᠠᠵᠢᠯᠲᠠᠨ ᠤ | ᠰᠢᠯᠭᠠᠯᠲᠠ ᠶᠢᠨ ᠲᠥᠯᠥᠪᠯᠡᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠪᠣᠯᠪᠠᠰᠤᠷᠠᠯ ᠤᠨ ᠰᠢᠯᠭᠠᠯᠲᠠ ᠶᠢᠨ ᠶᠠᠪᠤᠴᠠ ᠳᠤ ᠲᠤᠬᠠᠶ ᠶᠢᠨ ᠲᠠᠯᠠᠪᠤᠷ ᠲᠤ ᠲᠠᠷᠢᠶᠠᠯᠠᠩ ᠤᠨ ᠮᠠᠰᠢᠨ ᠤ ᠠᠮᠤᠷ | ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠠᠷᠢᠶᠠᠯᠠᠩ ᠤᠨ ᠮᠠᠰᠢᠨ ᠤ ᠠᠶᠤᠯᠭᠦᠶ | ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ᠂ ᠵᠢᠵᠢᠭ ᠳᠡᠪᠲᠡᠷ ᠲᠠᠷᠬᠠᠭᠠᠬᠤ ᠪᠠᠷ | ᠳᠠᠮᠵᠢᠭᠤᠯᠤᠨ᠂ ᠵᠢᠯᠣᠭᠤᠴᠢ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ | ᠠᠮᠤᠷ ᠲᠦᠪᠰᠢᠨ ᠤ ᠬᠠᠤᠯᠢ︾᠂ ᠲᠷᠠᠺᠲ᠋ᠣᠷ ᠤᠨ ᠰᠠᠭᠤᠷᠢ ᠮᠡᠳᠡᠯᠭᠡ᠂ ᠲᠠᠷᠢᠶᠠᠯᠠᠩ ᠤᠨ ᠮᠧᠬᠠᠨᠢᠭ ᠢ ᠵᠢᠯᠣᠭᠤᠳᠤᠨ | ᠠᠵᠢᠯᠯᠠᠭᠤᠯᠬᠤ ᠠᠮᠤᠷ ᠲᠦᠪᠰᠢᠨ ᠤ ᠲᠤᠬᠠᠶ ᠡᠷᠬᠡᠪᠰᠢ ᠮᠡᠳᠡᠬᠦ ᠵᠤᠶᠢᠯ ᠵᠡᠷᠭᠡ ᠲᠠᠷᠢᠶᠠᠯᠠᠩ ᠤᠨ ᠮᠠᠰᠢᠨ ᠤ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠶᠡᠷᠦ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ | ᠰᠢᠯᠭᠠᠭᠰᠠᠳ ᠢ ᠡᠷᠬᠡᠪᠰᠢ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠵᠤ᠂ ᠠᠮᠤᠷ ᠲᠦᠪᠰᠢᠨ ᠢᠶᠠᠷ | ᠵᠢᠯᠣᠭᠤᠳᠬᠤ ᠶᠢᠨ ᠬᠠᠮᠲᠤ ᠵᠢᠯᠣᠭᠤᠴᠢ ᠳᠤ ᠠᠮᠤᠷ ᠲᠦᠪᠰᠢᠨ ᠢᠶᠠᠷ ᠵᠢᠯᠣᠭᠤᠳᠬᠤ ᠪᠠ ᠫᠠᠶᠢᠰᠠ ᠥᠬᠡᠶ ᠦᠨᠡᠮᠯᠡᠯ | ᠥᠬᠡᠶ ᠪᠠᠷ ᠲᠠᠷᠢᠶᠠᠯᠠᠩ ᠤᠨ ᠮᠧᠬᠠᠨᠢᠭ ᠢ ᠵᠢᠯᠣᠭᠤᠳᠬᠤ ᠬᠤᠤᠷ ᠬᠥᠨᠥᠭᠡᠯᠲᠦ ᠴᠢᠨᠠᠷ ᠵᠢᠴᠢ ᠲᠠᠷᠢᠶᠠᠯᠠᠩ ᠤᠨ | ᠮᠠᠰᠢᠨ ᠤ ᠠᠶᠤᠯᠭᠦᠶ ᠦᠢᠯᠡᠳᠪᠦᠷᠢᠯᠡᠯ ᠤᠨ ᠴᠢᠬᠤᠯᠠ ᠴᠢᠨᠠᠷ ᠢ ᠲᠠᠶᠢᠯᠪᠤᠷᠢᠯᠠᠪᠠ᠃ | ᠰᠢᠯᠭᠠᠭᠤᠯᠤᠬᠴᠢ ︽ᠲᠷᠠᠺᠲ᠋ᠣᠷ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠣᠭᠲᠠᠭᠠᠯ︾ | ᠂ ︽ᠲᠷᠠᠺᠲ᠋ᠣᠷ ᠪᠠ ᠬᠠᠳᠤᠵᠤ ᠬᠤᠷᠢᠶᠠᠬᠤ ᠬᠠᠮ ᠮᠠᠰᠢᠨ ᠤ ᠵᠢᠯᠣᠭᠤᠴᠢ ᠶᠢᠨ ᠦᠨᠡᠮᠯᠡᠯ ᠤᠨ ᠬᠠᠮᠢᠶᠠᠷᠤᠯᠲᠠ ᠶᠢᠨ | ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ᠂ ᠪᠣᠯᠪᠠᠰᠤᠷᠠᠭᠤᠯᠤᠯ ᠳᠤ ᠣᠷᠣᠯᠴᠠᠭᠰᠠᠨ ᠪᠣᠶ ᠪᠥᠬᠦᠶ | ᠰᠤᠷᠤᠭᠴᠢᠳ ᠲᠤ ᠣᠨᠣᠯ ᠤᠨ ᠰᠢᠯᠭᠠᠯᠲᠠ ᠪᠠ ᠪᠣᠳᠠᠲᠠᠶ ᠠᠵᠢᠯᠯᠠᠭᠠᠨ ᠤ ᠰᠢᠯᠭᠠᠯᠲᠠ ᠬᠢᠪᠠ᠃ ᠰᠢᠯᠭᠠᠯᠲᠠ ᠶᠢᠨ | ᠳᠤᠮᠳᠠ᠂ ᠰᠤᠷᠤᠭᠴᠢᠳ ᠤᠨ ᠬᠢᠷᠢ ᠬᠡᠮ ᠢ ᠴᠢᠩᠭ᠎ᠠ ᠬᠢᠨᠠᠨ ᠬᠠᠷᠭᠤᠭᠤᠯᠵᠤ᠂ ᠲᠠᠷᠢᠶᠠᠯᠠᠩ ᠤᠨ ᠮᠠᠰᠢᠨ ᠤ | ᠵᠢᠯᠣᠭᠤᠴᠢ ᠶᠢᠨ ᠣᠨᠣᠯ ᠤᠨ ᠪᠣᠭᠤᠮᠲᠠ ᠶᠢ ᠡᠬᠢ ᠡᠭᠦᠰᠦᠯ ᠠᠴᠠ ᠨᠢ ᠴᠢᠩᠭ᠎ᠠ ᠠᠳᠬᠤᠵᠤ᠂ ᠵᠢᠯᠣᠭᠤᠳᠬᠤ | ᠮᠡᠷᠭᠡᠵᠢᠯ ᠤᠨ ᠰᠢᠯᠭᠠᠯᠲᠠ ᠶᠢᠨ ᠲᠷᠠᠺᠲ᠋ᠣᠷ ᠤᠨ ᠵᠢᠯᠣᠭᠤᠴᠢ ᠶᠢᠨ ᠵᠢᠯᠣᠭᠤᠳᠬᠤ ᠠᠵᠢᠯᠯᠠᠭᠠᠨ ᠤ ᠴᠢᠳᠠᠪᠤᠷᠢ ᠶᠢ | ᠤᠯᠠᠮ ᠨᠢᠭᠡ ᠠᠯᠬᠤᠮ ᠵᠢᠷᠤᠮᠵᠢᠭᠤᠯᠪᠠ᠃ ᠣᠲᠣ ᠪᠣᠯᠲᠠᠯ᠎ᠠ᠂ ᠨᠡᠶᠢᠲᠡ 420 ᠬᠥᠮᠦᠨ ᠪᠣᠯᠪᠠᠰᠤᠷᠠᠯ ᠤᠨ | ᠰᠢᠯᠭᠠᠯᠲᠠ ᠳᠤ ᠣᠷᠣᠯᠴᠠᠵᠤ᠂ ᠰᠢᠯᠭᠠᠯᠲᠠ ᠶᠢᠨ ᠬᠢᠷᠢ ᠲᠡᠩᠴᠡᠭᠰᠡᠨ ᠨᠣᠷᠮ᠎ᠠ ᠨᠢ 100 % ᠳᠤ ᠬᠦᠷᠴᠡᠶ᠃ |