| ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠣᠤᠷ ᠢ ᠨᠢᠭᠲᠠ ᠪᠥᠭᠡᠳ ᠪᠠᠲᠤ ᠰᠦᠯᠵᠢᠪᠡ᠃ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ | ᠲᠤᠰᠬᠠᠶ ᠪᠠᠶᠢᠴᠠᠭᠠᠯᠲᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠰᠤᠷᠭᠠᠭᠤᠯᠢ ᠶᠢᠨ ᠬᠤᠭᠤᠯᠠᠨ ᠬᠡᠷ ᠤᠨ ᠠᠵᠢᠯᠯᠠᠬᠤ ᠲᠠᠰᠤᠭ ᠲᠤ | ᠭᠦᠨᠵᠡᠭᠡᠶᠢᠷᠡᠨ᠂ ᠰᠤᠷᠭᠠᠭᠤᠯᠢ ᠶᠢᠨ ᠬᠤᠭᠤᠯᠠᠨ ᠬᠡᠷ ᠪᠠ ᠳᠠᠭᠠᠭᠠᠴᠢᠯᠠᠭᠰᠠᠨ ᠠᠵᠤ ᠠᠬᠤᠶᠢᠯᠠᠯ ᠤᠨ ᠬᠢᠷᠢ ᠬᠡᠮ᠂ | ᠢᠳᠡᠭᠡᠨ ᠤ ᠠᠮᠤᠷ ᠲᠦᠪᠰᠢᠨ ᠤ ᠲᠦᠷᠢᠮ ᠤᠨ ᠪᠠᠶᠢᠭᠤᠯᠤᠯᠲᠠ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ | ᠵᠢᠴᠢ ᠭᠡᠷᠡᠴᠢ ᠪᠠᠷᠢᠮᠲᠠ ᠠᠪᠬᠤ ᠲᠦᠷᠢᠮ᠂ ᠡᠳ᠋ᠰᠢᠭᠦᠯᠬᠦ ᠲᠠᠯᠠᠪᠤᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠢᠳᠡᠭᠡᠨ ᠡᠳ᠋ᠰᠢᠭᠦᠯᠬᠦ ᠠᠵᠢᠯᠯᠠᠭᠠᠨ ᠤ ᠶᠠᠪᠤᠴᠠ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠲᠦᠭᠦᠬᠡᠶ ᠪᠠ ᠲᠤᠰᠠᠯᠠᠬᠤ ᠮᠠᠲ᠋ᠧᠷᠢᠶᠠᠯ ᠢ | ᠬᠠᠳᠠᠭᠠᠯᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ | ᠵᠢᠭᠰᠠᠭᠠᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠠᠵᠢᠯ ᠤᠨ ᠲᠣᠭᠲᠠᠴᠠ ᠶᠢ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠥᠬᠦ ᠲᠠᠯ᠎ᠠ ᠪᠠᠷ ᠪᠠᠶᠢᠴᠠᠭᠠᠪᠠ᠃ ᠡᠭᠦᠨ ᠤ ᠬᠠᠮᠲᠤ᠂ | ᠬᠤᠭᠤᠯᠠᠨ ᠬᠡᠷ ᠤᠨ ᠬᠠᠷᠢᠭᠤᠴᠠᠯᠭᠠᠲᠠᠨ ᠵᠢᠴᠢ ᠠᠵᠢᠯᠯᠠᠵᠤ ᠪᠠᠶᠢᠭ᠎ᠠ ᠬᠥᠮᠦᠰ ᠲᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠥᠬᠦᠶ ᠠᠭᠤᠯᠭ᠎ᠠ ᠶᠢ | ᠤᠬᠠᠭᠤᠯᠤᠨ ᠲᠦᠭᠡᠮᠡᠯᠵᠢᠭᠦᠯᠵᠦ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠡᠷᠬᠡᠪᠰᠢ ᠢᠳᠡᠭᠡᠨ ᠤ ᠠᠮᠤᠷ ᠲᠦᠪᠰᠢᠨ ᠤ ᠡᠨᠡ ᠬᠦ ᠬᠥᠪᠴᠢ ᠶᠢ | ᠴᠠᠭ ᠢᠮᠠᠭᠲᠠ ᠴᠢᠩᠭᠠᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠦᠨᠡᠨ ᠬᠦ ᠨᠠᠷᠢᠯᠢᠭ ᠪᠣᠳᠠᠲᠠᠶ ᠬᠢᠵᠦ᠂ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠣᠲᠣ ᠪᠣᠯᠲᠠᠯ᠎ᠠ᠂ ᠰᠤᠷᠭᠠᠭᠤᠯᠢ ᠶᠢᠨ ᠬᠤᠭᠤᠯᠠᠨ ᠬᠡᠷ ᠢ ᠨᠡᠶᠢᠲᠡ 17 ᠡᠷᠦᠬᠡ ᠪᠠᠶᠢᠴᠠᠭᠠᠵᠤ᠂ | ᠪᠠᠶᠢᠴᠠᠭᠠᠯᠲᠠ ᠳᠤ ᠢᠯᠡᠷᠡᠭᠦᠯᠦᠭᠰᠡᠨ ᠭᠡᠷᠡᠴᠢ ᠪᠠᠷᠢᠮᠲᠠ ᠠᠪᠤᠭᠰᠠᠨ ᠵᠢᠷᠤᠮᠵᠢᠭᠤᠨ ᠪᠤᠰᠤ ᠠᠰᠠᠭᠤᠳᠠᠯ ᠳᠤ | ᠴᠢᠭᠯᠡᠭᠦᠯᠦᠨ ᠨᠢᠭᠡᠨᠲᠡ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠵᠦ | ᠳᠠᠭᠤᠰᠬᠠᠪᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠦᠷᠭᠦᠯᠵᠢᠯᠡᠨ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠪᠠᠭᠰᠢ ᠰᠤᠷᠤᠭᠴᠢᠳ ᠤᠨ ︽ | ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠨ᠎ᠠ᠃ | | | | | | | | | | | ᠁ |