| ᠨᠢᠭᠡ ᠳᠤ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠡᠷᠭᠡ | ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ | ᠂ ᠨᠠᠮ ᠢᠶᠠᠨ ᠳᠠᠭᠠᠬᠤ︾ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠬᠦᠰᠡᠯᠡᠩ ᠢᠲᠡᠭᠡᠯ | ᠪᠢᠰᠢᠷᠡᠯ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠣᠯᠤᠨ ︽ᠬᠤᠪᠢᠰᠬᠠᠯ ᠤᠨ ᠲᠡᠦᠬᠡ ᠶᠢ ᠲᠠᠬᠢᠨ | ᠡᠷᠭᠢᠴᠡᠭᠦᠯᠵᠦ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠬᠦ︾ ᠭᠤᠣᠯ ᠰᠡᠳᠦᠪᠲᠦ ᠨᠠᠮ ᠤᠨ | ᠡᠳᠦᠷᠯᠢᠭ ᠤᠨ ᠠᠵᠢᠯᠯᠠᠭ᠎ᠠ ᠶᠢ ᠥᠷᠨᠢᠭᠦᠯᠵᠦ᠂ 50 ᠭᠠᠷᠤᠢ ᠬᠥᠮᠦᠨ ᠣᠷᠣᠯᠴᠠᠪᠠ᠃ | ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠪᠠ᠃ ᠸᠢᠴᠠᠲ ᠤᠨ | ᠨᠡᠶᠢᠲᠡ ᠶᠢᠨ ᠳ᠋ᠤᠭᠠᠷ ᠤᠨ ᠲᠠᠪᠴᠠᠩ ᠢ ᠭᠦᠢᠴᠡᠳ ᠠᠰᠢᠭᠯᠠᠨ᠂ ᠠᠵᠤ ᠠᠬᠤᠶᠢᠯᠠᠯ ᠳᠤ ᠬᠤᠯᠪᠣᠭᠳᠠᠭᠰᠠᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ 58 ᠵᠤᠷᠪᠤᠰ ᠨᠡᠶᠢᠲᠡᠯᠡᠵᠦ᠂ | ᠶᠠᠷᠢᠯᠴᠠᠬᠤ ᠬᠤᠷᠠᠯ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠵᠡᠷᠭᠡ ᠪᠠᠷ ᠠᠵᠠ ᠲᠣᠬᠢᠶᠠᠯ ᠪᠣᠯᠭᠠᠵᠤ᠂ | ᠲᠤᠰᠬᠠᠶ ᠮᠡᠷᠭᠡᠵᠢᠯᠲᠡᠨ ᠡᠷᠳᠡᠮᠲᠡᠳ ᠢ ᠤᠷᠢᠵᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠭᠤᠯᠵᠤ᠂ ᠠᠵᠤ | ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠠᠮᠢᠳᠤᠯᠢᠭ ᠪᠥᠭᠡᠳ ᠭᠦᠢᠴᠡᠳ ᠬᠡᠷᠡᠭᠯᠡᠪᠡ᠃ ᠵᠢᠯ ᠤᠨ | ᠳᠣᠲᠣᠷ᠎ᠠ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ | ᠵᠡᠷᠭᠡ ᠶᠢ ᠨᠡᠶᠢᠲᠡ 7 ᠤᠳᠠᠭ᠎ᠠ ᠪᠡᠶᠡᠯᠡᠭᠦᠯᠵᠦ᠂ 100 ᠭᠠᠷᠤᠶ ᠬᠥᠮᠦᠨ ᠤᠳᠠᠭ᠎ᠠ ᠬᠠᠮᠤᠷᠴᠤ᠂ ᠠᠵᠤ | ᠠᠬᠤᠶᠢᠯᠠᠯᠲᠠᠨ ᠤ ᠲᠥᠯᠥᠭᠡᠯᠡᠭᠴᠢ ᠶᠢ ᠳᠠᠭᠠᠭᠤᠯᠤᠨ ᠦᠬᠠᠨ᠂ ᠬᠠᠩᠵᠧᠦ ᠵᠡᠷᠭᠡ ᠭᠠᠵᠠᠷ ᠲᠤ ᠬᠦᠷᠴᠦ 2 ᠤᠳᠠᠭ᠎ᠠ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ | ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠪᠡ᠃ | ᠡᠯ᠎ᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ︽ᠲᠦᠮᠡᠨ ᠠᠵᠤ ᠠᠬᠤᠶᠢᠯᠠᠯ | ᠲᠦᠮᠡᠨ ᠲᠣᠰᠬᠤᠨ ᠢ ᠬᠥᠭᠵᠢᠭᠦᠯᠬᠦ︾ ᠲᠣᠰᠬᠤᠨ ᠠᠵᠤ ᠠᠬᠤᠶᠢᠯᠠᠯ ᠢ ᠬᠠᠮᠲᠤ ᠪᠠᠷ ᠪᠠᠶᠢᠭᠤᠯᠵᠤ ᠪᠡᠯᠡᠭᠯᠡᠨ ᠬᠦᠷᠭᠡᠬᠦ | ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ | ᠥᠪᠥᠷ ᠮᠣᠩᠭᠤᠯ ᠤᠨ ᠬᠤᠸᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠤᠬᠤᠷᠢ ᠪᠠᠯᠭᠠᠰᠤᠨ ᠤ ᠭᠧ ᠽᠢ ᠱᠠᠨ ᠲᠣᠰᠬᠤᠨ ᠳᠤ 3 ᠲᠦᠮᠡᠨ ᠲᠥᠭᠦᠷᠢᠭ ᠬᠠᠨᠳᠢᠪᠯᠠᠪᠠ᠃ ︽ᠦᠨᠡᠨ | ᠰᠡᠳᠬᠢᠯ ᠠᠴᠠ ᠪᠠᠨ ᠨᠠᠰᠤᠲᠠᠳ ᠲᠤ ᠬᠠᠨᠳᠤᠵᠤ᠂ ᠬᠠᠶᠢᠷ᠎ᠠ ᠬᠠᠯᠠᠮᠵᠢ ᠬᠦᠷᠭᠡᠬᠦ︾ ᠬᠠᠨᠳᠢᠪᠯᠠᠬᠤ ᠠᠵᠢᠯᠯᠠᠭ᠎ᠠ ᠶᠢ | ᠡᠷᠭᠢᠯᠡᠵᠦ᠂ ᠪᠥᠬᠦ ᠰᠢᠶᠠᠨ ᠤ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠥᠨᠥᠴᠢᠨ ᠪᠡᠯᠪᠡᠰᠦᠨ ᠨᠠᠰᠤᠲᠠᠳ ᠲᠤ 27 ᠲᠦᠮᠡ ᠭᠠᠷᠤᠶ ᠲᠥᠭᠦᠷᠢᠭ ᠤᠨ ᠦᠷᠭᠦᠯᠵᠢ ᠪᠡᠯᠡᠳᠬᠡᠬᠦ ᠡᠮ ᠤᠨ | ᠬᠠᠮᠠᠭᠠᠯᠠᠯᠲᠠ ᠡᠷᠡᠭᠦᠯ ᠮᠡᠨᠳᠦ ᠶᠢᠨ ᠪᠣᠭᠴᠣ᠂ ᠡᠮ ᠬᠤᠳᠠᠯᠳᠤᠨ ᠠᠪᠬᠤ ᠺᠠᠷᠲ ᠬᠠᠨᠳᠢᠪᠯᠠᠪᠠ᠃ |