| ᠴᠠᠬᠢᠯᠭᠠᠨ ᠬᠥᠳᠡᠯᠭᠡᠭᠦᠷᠲᠦ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠠᠵᠢᠯ ᠢ | ᠤᠯᠠᠮ ᠨᠢᠭᠡ ᠠᠯᠬᠤᠮ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠵᠤ᠂ ᠬᠠᠮᠢᠶ᠎ᠠ ᠪᠥᠬᠦᠶ ᠠᠶᠤᠯ ᠲᠦᠭᠰᠢᠭᠦᠷᠢ ᠶᠢᠨ ᠬᠡᠮ | ᠰᠣᠭᠤᠭ ᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠴᠠᠬᠢᠯᠭᠠᠨ ᠬᠥᠳᠡᠯᠭᠡᠭᠦᠷᠲᠦ | ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠡᠵᠡᠩᠨᠡᠬᠦ᠂ ᠰᠡᠯᠪᠢᠨ | ᠵᠠᠰᠠᠬᠤ ᠲᠠᠯᠠᠪᠤᠷ ᠲᠤ ᠭᠦᠨᠵᠡᠭᠡᠶᠢᠷᠡᠨ᠂ ᠬᠦᠴᠦᠨ ᠪᠥᠬᠦᠶ ᠡᠵᠡᠩᠨᠡᠯᠲᠡ ᠶᠢᠨ ᠦᠨᠡᠮᠯᠡᠯ ᠲᠠᠢ ᠪᠠᠶᠢᠬᠤ᠂ ᠪᠠᠷᠠᠭ᠎ᠠ | ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠪᠠᠶᠢᠭᠤᠯᠬᠤ᠂ ᠴᠠᠬᠢᠯᠭᠠᠨ ᠬᠥᠳᠡᠯᠭᠡᠭᠦᠷᠲᠦ ᠲᠡᠷᠭᠡ ᠬᠤᠳᠠᠯᠳᠤᠬᠤ | 3C ᠭᠡᠷᠡᠴᠢᠯᠡᠯ ᠤᠨ ᠲᠡᠮᠳᠡᠭ ᠵᠢᠴᠢ ᠦᠨᠡᠮᠯᠡᠯ᠂ ᠶᠠᠰᠤ ᠴᠢᠨᠠᠷ ᠤᠨ ᠪᠠᠶᠢᠴᠠᠭᠠᠯᠲᠠ ᠶᠢᠨ ᠮᠡᠳᠡᠭᠦᠯᠦᠯᠲᠡ᠂ ᠬᠢᠷᠢ | ᠲᠡᠩᠴᠡᠭᠰᠡᠨ ᠦᠨᠡᠮᠯᠡᠯ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ | ᠬᠠᠤᠯᠢ ᠪᠤᠰᠤ ᠪᠠᠷ ᠵᠠᠳᠠᠯᠤᠨ ᠥᠭᠡᠷᠡᠴᠢᠯᠡᠬᠦ᠂ ᠬᠠᠤᠯᠢ ᠪᠤᠰᠤ ᠪᠠᠷ ᠬᠤᠷᠳᠤᠴᠠ ᠬᠢᠵᠠᠭᠠᠷᠯᠠᠬᠤ᠂ ᠭᠠᠳᠠᠨ᠎ᠠ | ᠴᠠᠬᠢᠯᠭᠠᠨ ᠬᠤᠷᠢᠶᠠᠭᠤᠷ ᠲᠠᠭᠠᠷᠠᠭᠤᠯᠬᠤ᠂ ᠴᠠᠬᠢᠯᠭᠠᠨ ᠬᠤᠷᠢᠶᠠᠭᠤᠷ ᠰᠠᠪᠠ ᠶᠢ ᠥᠭᠡᠷᠡᠴᠢᠯᠡᠬᠦ᠂ ᠶᠡᠭᠡ | ᠪᠠᠭᠲᠠᠭᠠᠮᠵᠢ ᠲᠠᠢ ᠴᠠᠬᠢᠯᠭᠠᠨ ᠬᠤᠷᠢᠶᠠᠭᠤᠷ ᠰᠣᠯᠢᠬᠤ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ ᠡᠭᠦᠨ ᠤ | ᠬᠠᠮᠲᠤ᠂ ᠡᠯ᠎ᠡ ᠡᠵᠡᠩᠨᠡᠯᠲᠡ ᠶᠢᠨ ᠨᠢᠭᠡᠴᠡ ᠶᠢᠨ ᠬᠠᠷᠢᠭᠤᠴᠠᠯᠭᠠᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠦᠢᠯᠡᠳᠭᠦᠨ ᠤ ᠶᠠᠰᠤ ᠴᠢᠨᠠᠷ ᠤᠨ ᠬᠠᠤᠯᠢ︾ ︽ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠵᠤ᠂ ᠲᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠡᠭᠦᠷᠭᠡ ᠪᠠ ᠭᠡᠷᠡᠴᠢ | ᠪᠠᠷᠢᠮᠲᠠ ᠠᠪᠬᠤ ᠲᠦᠷᠢᠮ ᠢ ᠴᠢᠩᠭ᠎ᠠ ᠭᠦᠢᠴᠡᠳᠬᠡᠵᠦ᠂ ᠪᠠᠷᠠᠭ᠎ᠠ ᠣᠷᠣᠭᠤᠯᠵᠤ ᠪᠣᠷᠣᠯᠠᠭᠤᠯᠬᠤ ᠡᠬᠡ ᠲᠠᠩᠰᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠤᠳᠠᠯᠳᠤᠭᠰᠠᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠢᠷᠡᠯᠲᠡ ᠶᠢ | ᠨᠡᠬᠡᠮᠵᠢᠯᠡᠵᠦ ᠪᠣᠯᠬᠤ ᠶᠢ ᠦᠨᠡᠨᠬᠦ ᠪᠠᠲᠤᠯᠠᠨ᠎ᠠ᠃ | ᠣᠲᠣ ᠪᠣᠯᠲᠠᠯ᠎ᠠ᠂ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 27 ᠪᠠᠶᠢᠴᠠᠭᠠᠵᠤ᠂ | ᠪᠠᠶᠢᠴᠠᠭᠠᠯᠲᠠ ᠳᠤ ᠢᠯᠡᠷᠡᠭᠦᠯᠦᠭᠰᠡᠨ ᠬᠠᠭᠤᠴᠢᠨ ᠴᠠᠬᠢᠯᠭᠠᠨ ᠰᠠᠪᠠ ᠶᠢᠨ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠬᠡᠲᠦ | ᠣᠯᠠᠨ᠂ ᠬᠡᠷᠡᠭᠯᠡᠵᠦ ᠪᠠᠶᠢᠭ᠎ᠠ ᠬᠠᠪᠴᠢᠭᠤᠯᠤᠯᠲᠠ ᠬᠢᠵᠦ ᠪᠠᠶᠢᠭ᠎ᠠ ᠵᠡᠷᠭᠡ ᠠᠶᠤᠯ ᠲᠦᠭᠰᠢᠭᠦᠷᠢ ᠶᠢᠨ ᠳᠠᠯᠳᠠ ᠬᠡᠮ ᠤᠨ | ᠠᠰᠠᠭᠤᠳᠠᠯ ᠳᠤ ᠴᠢᠭᠯᠡᠭᠦᠯᠦᠨ᠂ ᠨᠢᠭᠡᠨᠲᠡ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠴᠠᠬᠢᠯᠭᠠᠨ ᠬᠥᠳᠡᠯᠭᠡᠭᠦᠷᠲᠦ ᠲᠡᠷᠭᠡᠨ ᠤ | ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠡᠵᠡᠩᠨᠡᠬᠦ᠂ ᠰᠡᠯᠪᠢᠨ ᠵᠠᠰᠠᠬᠤ ᠨᠢᠭᠡᠴᠡ ᠶᠢ | ᠰᠢᠪᠠᠳᠠᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠪᠠ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | |