︽ᠨᠢᠩᠴᠧᠩ ᠰᠢᠶᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/11/8
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠢ᠂ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠶᠢᠨ ᠨᠢᠩᠴᠧᠩ ᠳᠤ ᠰᠠᠭᠤᠭ᠎ᠠ ᠡᠯ᠎ᠡ ᠨᠢᠭᠡᠴᠢ ᠳᠤ᠄    ᠵᠠᠰᠠᠭ ᠵᠠᠬᠢᠷᠭᠠᠨ ᠤ ᠠᠵᠢᠯ ᠦᠢᠯᠡᠰ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠨᠢᠩᠴᠧᠩ ᠰᠢᠶᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠠᠶᠢᠲᠤᠷ ᠠᠳᠬᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃             2024 ᠣᠨ ᠤ 11 ᠰᠠᠷ᠎ᠠ ᠶᠢᠨ 8 ᠤ ᠡᠳᠦᠷ    ᠨᠢᠩᠴᠧᠩ ᠰᠢᠶᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ     ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ    ᠨᠢᠭᠡᠳᠦᠭᠡᠷ ᠪᠦᠯᠦᠭ ᠶᠡᠷᠦᠩᠬᠡᠢ ᠳᠦᠷᠢᠮ    ᠨᠢᠭᠡᠳᠦᠭᠡᠷ ᠵᠦᠢᠯ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠠᠰᠠᠯᠲᠠ ᠶᠢᠨ ᠰᠢᠰᠲ᠋ᠧᠮᠵᠢ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠠᠰᠠᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠲᠤᠰᠠᠳᠠ᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 257 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃    ᠬᠤᠶᠠᠳᠤᠭᠠᠷ ᠵᠦᠢᠯ ᠨᠢᠩᠴᠧᠩ ᠰᠢᠶᠠᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠤᠰ ᠰᠠᠨᠠᠯ ᠲᠣᠬᠢᠷᠠᠨ᠎ᠠ᠃  ᠭᠤᠷᠪᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠭᠡᠳᠡᠭ ᠨᠢ ᠵᠠᠰᠠᠭ ᠵᠠᠬᠢᠷᠭᠠᠨ ᠤ ᠨᠢᠭᠡᠴᠡ᠂ ᠠᠵᠢᠯ ᠦᠢᠯᠡᠰ ᠤᠨ ᠨᠢᠭᠡᠴᠡ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠨ ᠣᠯᠤᠭᠰᠠᠨ ᠪᠤᠶᠤ ᠪᠤᠶ ᠪᠣᠯᠤᠭᠰᠠᠨ ᠡᠳ᠋ ᠬᠥᠷᠥᠩᠭᠡ ᠶᠢ ᠵᠢᠭᠠᠵᠤ ᠪᠤᠶ᠄    ︵ᠨᠢᠭᠡ︶ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠪᠦᠷᠢᠯᠳᠦᠭᠰᠡᠨ ᠡᠳ᠋ ᠬᠥᠷᠥᠩᠭᠡ     ︵ᠬᠤᠶᠠᠷ︶ ᠰᠢᠯᠵᠢᠭᠦᠯᠦᠨ ᠥᠭᠬᠦ ᠶᠢ ᠬᠦᠯᠢᠶᠡᠨ ᠠᠪᠤᠭᠰᠠᠨ ᠪᠤᠶᠤ ᠬᠤᠪᠢᠶᠠᠷᠢᠯᠠᠨ ᠰᠢᠯᠵᠢᠭᠦᠯᠦᠭᠰᠡᠨ᠂ ᠰᠣᠯᠢᠭᠰᠠᠨ ᠡᠳ᠋ ᠬᠥᠷᠥᠩᠭᠡ     ︵ᠭᠤᠷᠪᠠ︶ ᠪᠡᠯᠡᠭᠯᠡᠨ ᠬᠦᠷᠭᠡᠭᠰᠡᠨ ᠢ ᠬᠦᠯᠢᠶᠡᠨ ᠠᠪᠬᠤ ᠶᠢᠨ ᠬᠠᠮᠲᠤ ᠤᠯᠤᠰ ᠤᠨ ᠥᠮᠴᠢᠯᠡᠯᠲᠦ ᠡᠳ᠋ ᠬᠥᠷᠥᠩᠭᠡ ᠪᠠᠷ ᠨᠤᠲᠠᠯᠠᠬᠤ    ︵ᠲᠦᠷᠪᠡ︶ ᠪᠤᠰᠤᠳ ᠤᠯᠤᠰ ᠤᠨ ᠥᠮᠴᠢᠯᠡᠯ ᠤᠨ ᠡᠳ᠋ ᠬᠥᠷᠥᠩᠭᠡ     ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠢᠯᠡᠷᠡᠯ ᠤᠨ ᠬᠡᠯᠪᠡᠷᠢ ᠨᠢ᠄ ᠬᠥᠳᠡᠯᠦᠩᠭᠦᠶ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠡᠳ᠋ ᠬᠥᠷᠥᠩᠭᠡ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡᠯᠡᠬᠦ ᠡᠳ᠋ ᠪᠠᠷᠠᠭ᠎ᠠ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠶᠣᠯ ᠤᠨ ᠡᠳ᠋ ᠬᠥᠷᠥᠩᠭᠡ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠪᠣᠯᠤᠨ᠎ᠠ᠃    ᠲᠠᠪᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠤᠯᠤᠰ ᠲᠤ ᠥᠮᠴᠢᠯᠡᠭᠳᠡᠵᠦ᠂ ᠵᠠᠰᠠᠭ ᠤᠨ ᠣᠷᠳᠣᠨ ᠱᠠᠲᠤ ᠬᠤᠪᠢᠶᠠᠨ ᠬᠢᠨᠠᠨ ᠬᠠᠮᠢᠶᠠᠷᠬᠤ᠂ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠰᠢᠭᠤᠳ ᠵᠠᠬᠢᠷᠬᠤ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ᠃    ᠵᠢᠷᠭᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠠᠮᠤᠷ ᠲᠦᠪᠰᠢᠨ ᠪᠥᠭᠡᠳ ᠵᠢᠷᠤᠮᠵᠢᠭᠰᠠᠨ᠂ ᠠᠷᠪᠢᠲᠠᠶ ᠪᠥᠭᠡᠳ ᠥᠨᠳᠥᠷ ᠪᠦᠲᠦᠮᠵᠢᠲᠡᠶ᠂ ᠢᠯᠡ ᠲᠣᠳᠣ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠵᠠᠷᠴᠢᠮ ᠢ ᠵᠢᠷᠤᠮᠯᠠᠨ᠂ ᠪᠣᠳᠠᠲᠤ ᠪᠣᠳᠠᠰ ᠤᠨ ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ ᠨᠢᠭᠡᠳᠦᠯᠲᠡᠶ ᠪᠣᠯᠭᠠᠵᠤ᠂ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠲᠥᠰᠦᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ᠃    ᠳᠣᠯᠣᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠰ ᠨᠢᠭᠡᠴᠡ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠬᠡᠷᠡᠭᠲᠡᠶ᠃    ᠨᠠᠢᠮᠠᠳᠤᠭᠠᠷ ᠵᠦᠢᠯ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠦᠬᠦ ᠰᠢᠶᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃    ᠶᠢᠰᠦᠳᠦᠭᠡᠷ ᠵᠦᠢᠯ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠬᠠᠤᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠰᠢᠶᠠᠨ ᠤ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠠᠯᠪᠠᠨ ᠶᠠᠪᠤᠳᠠᠯ ᠳᠤ ᠣᠷᠣᠯᠴᠠᠬᠤ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠠᠯᠪᠠᠨ ᠶᠠᠪᠤᠳᠠᠯ ᠳᠤ ᠬᠡᠷᠡᠭᠯᠡᠬᠦ ᠭᠡᠷ ᠪᠣᠯᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠬᠠᠷᠢᠭᠤᠴᠠᠵᠦ᠂ ᠪᠣᠳᠠᠲᠠᠶ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠵᠢᠯᠣᠭᠤᠳᠣᠯᠭ᠎ᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃    ᠠᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠢᠶᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠡᠷᠬᠡᠪᠰᠢ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠶ᠎ᠠ ᠪᠦᠬᠦᠢ ᠨᠢᠭᠡᠴᠡ ᠶᠢᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠬᠤ ᠬᠡᠷᠡᠭᠲᠡᠶ᠃ ᠲᠤᠰ ᠰᠠᠯᠠᠭ᠎ᠠ ᠮᠥᠴᠢᠷ᠂ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠶᠣᠰᠣᠭᠠᠷ ᠲᠤᠰ ᠰᠠᠯᠠᠭ᠎ᠠ ᠮᠥᠴᠢᠷ᠂ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠬᠤ ᠪᠤᠶᠤ ᠵᠥᠪᠰᠢᠶᠡᠷᠡᠬᠦ ᠶᠢᠨ ᠬᠠᠮᠲᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠲᠤᠰ ᠰᠠᠯᠠᠭ᠎ᠠ ᠮᠥᠴᠢᠷ᠂ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠦᠨ᠎ᠡ᠃ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠶ᠎ᠠ ᠨᠢᠭᠡᠴᠡ ᠨᠦᠭᠦᠳ ᠲᠤᠰ ᠨᠢᠭᠡᠴᠡ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠣᠳᠠᠲᠠᠶ ᠬᠠᠮᠢᠶᠠᠷᠤᠯᠲᠠ ᠶᠢ ᠬᠠᠷᠢᠭᠤᠴᠠᠵᠤ᠂ ᠳᠣᠲᠣᠭᠠᠳᠤ ᠶᠢᠨ ᠡᠵᠡᠮᠳᠡᠬᠦ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰ ᠨᠢᠭᠡᠴᠡ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠬᠢᠷᠠᠭᠤᠯᠬᠤ ᠲᠥᠰᠦᠪ᠂ ᠬᠤᠳᠠᠯᠳᠤᠨ ᠠᠪᠬᠤ᠂ ᠬᠡᠷᠡᠭᠯᠡᠬᠦ᠂ ᠰᠢᠢᠳᠪᠤᠷᠢᠯᠡᠬᠦ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃    ᠠᠷᠪᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠨᠤᠭᠤᠳ ᠤᠯᠤᠰ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠠᠮᠵᠢᠯᠲᠠ ᠪᠦᠲᠦᠮᠵᠢ ᠶᠢᠨ ᠭᠦᠢᠴᠡᠳᠬᠡᠬᠦ ᠲᠤᠭ᠎ᠠ ᠪᠣᠯᠤᠨ ᠪᠠᠷᠢᠮᠵᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃    ᠬᠤᠶᠠᠳᠤᠭᠠᠷ ᠪᠦᠯᠦᠭ ᠡᠳ᠋ ᠬᠥᠷᠥᠩᠭᠡ ᠶᠢᠨ ᠲᠣᠬᠢᠷᠠᠭᠤᠯᠤᠯᠲᠠ ᠬᠢᠭᠡᠳ ᠲᠥᠰᠦᠪ ᠤᠨ ᠬᠠᠮᠢᠶᠠᠷᠤᠯᠲᠠ    ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠳᠤ ᠲᠣᠬᠢᠷᠠᠭᠤᠯᠬᠤ᠂ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠭᠦᠯᠬᠦ᠂ ᠬᠦᠯᠢᠶᠡᠨ ᠠᠪᠬᠤ ᠵᠡᠷᠭᠡ ᠠᠷᠭ᠎ᠠ ᠮᠠᠶ᠋ᠢᠭ ᠪᠠᠭᠲᠠᠨ᠎ᠠ᠃    ᠠᠷᠪᠠᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠨᠡᠶᠢᠳᠡᠮ ᠬᠡᠷᠡᠭᠯᠡᠬᠦ ᠡᠳ᠋ ᠬᠥᠷᠥᠩᠭᠡ ᠳᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ︽ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︿ᠤᠯᠠᠭᠠᠨᠬᠠᠳᠠ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠨᠡᠶᠢᠳᠡᠮ ᠬᠡᠷᠡᠭᠯᠡᠬᠦ ᠠᠵᠢᠯᠯᠠᠬᠤ ᠲᠥᠬᠦᠭᠡᠷᠦᠮᠵᠢ ᠶᠢᠨ ᠭᠡᠷ ᠤᠨ ᠬᠡᠷᠡᠭᠰᠡᠯ ᠲᠣᠬᠢᠷᠠᠭᠤᠯᠬᠤ ᠪᠠᠷᠢᠮᠵᠢᠶ᠎ᠠ ᠶᠢᠨ ᠲᠣᠭᠲᠠᠭᠠᠯ﹀ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ︵ᠨᠢᠩ ᠡᠳ᠋ ᠤᠯᠤᠰ ᠤᠨ ᠡᠳ᠋ ᠬᠥᠷᠥᠩᠭᠡ ᠦᠰᠦᠭ ﹇2018﹈ 294 ᠳ᠋ᠦ᠋ᠭᠡᠷ ᠲᠣᠭᠠᠲᠤ︶ ᠤᠨ ᠲᠣᠭᠲᠠᠭᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠨᠡᠶᠢᠳᠡᠮ ᠬᠡᠷᠡᠭᠯᠡᠬᠦ ᠠᠯᠪᠠᠯᠠᠬᠤ ᠲᠥᠬᠦᠭᠡᠷᠦᠮᠵᠢ ᠶᠢᠨ ᠭᠡᠷ ᠤᠨ ᠬᠡᠷᠡᠭᠰᠡᠯ ᠲᠣᠬᠢᠷᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠠᠷᠢᠮᠵᠢᠶ᠎ᠠ ᠠᠴᠠ ᠬᠡᠲᠦᠷᠡᠭᠦᠯᠦᠨ ᠬᠤᠳᠠᠯᠳᠤᠨ ᠠᠪᠴᠤ ᠬᠡᠷᠡᠭᠯᠡᠵᠦ ᠪᠣᠯᠬᠤ ᠦᠭᠡᠢ᠃ ᠲᠤᠰᠬᠠᠶ ᠬᠡᠷᠡᠭᠯᠡᠬᠦ ᠡᠳ᠋ ᠬᠥᠷᠥᠩᠭᠡ ᠶᠢ ᠵᠠᠷᠴᠢᠮ ᠳᠡᠭᠡᠷ᠎ᠡ ᠪᠠᠨ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠬᠢᠷᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃    ᠠᠷᠪᠠᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠨᠢ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠪᠠᠷ ᠳᠠᠮᠵᠢᠭᠤᠯᠤᠨ᠂ ᠦᠯᠡᠳᠡᠭᠡᠯ ᠡᠳ᠋ ᠬᠥᠷᠥᠩᠭᠡ ᠶᠢ ᠭᠦᠢᠴᠡᠳ ᠠᠰᠢᠭᠯᠠᠬᠤ ᠪᠠ ᠲᠣᠬᠢᠷᠠᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠣᠳᠣ ᠶᠢᠨ ᠪᠠᠶᠢᠭ᠎ᠠ ᠦᠯᠡᠳᠡᠭᠡᠯ ᠡᠳ᠋ ᠬᠥᠷᠥᠩᠭᠡ ᠶᠢᠨ ᠴᠢᠳᠠᠮᠵᠢ ᠪᠠᠷ ᠳᠠᠯᠳᠠ ᠬᠦᠴᠦᠨ ᠢ ᠠᠭᠤᠳᠠᠯᠬᠤ᠂ ᠰᠡᠯᠪᠢᠨ ᠵᠠᠰᠠᠬᠤ ᠨᠢ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠪᠠᠶᠢᠪᠠᠯ᠂ ᠲᠣᠬᠢᠷᠠᠭᠤᠯᠤᠯᠲᠠ ᠶᠢ ᠪᠠᠭᠠᠰᠬᠠᠵᠤ᠂ ᠬᠡᠷᠡᠭᠯᠡᠵᠦ ᠪᠠᠶᠢᠭ᠎ᠠ ᠡᠳ᠋ ᠬᠥᠷᠥᠩᠭᠡ ᠪᠠ ᠰᠤᠯᠠ ᠪᠠᠶᠢᠭ᠎ᠠ ᠡᠳ᠋ ᠬᠥᠷᠥᠩᠭᠡ ᠶᠢᠨ ᠬᠡᠷᠡᠭᠯᠡᠬᠦ ᠦᠨ᠎ᠡ ᠥᠷᠲᠡᠭ᠂ ᠬᠡᠷᠡᠭᠯᠡᠬᠦ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠶ᠃    ᠠᠷᠪᠠᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠬᠠᠤᠯᠢ ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠡᠳ᠋ ᠬᠥᠷᠥᠩᠭᠡ ᠶᠢᠨ ᠬᠠᠳᠠᠭᠠᠯᠠᠯᠲᠠ᠂ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠤᠶᠠᠯᠳᠤᠭᠤᠯᠵᠤ᠂ ᠤᠷᠢᠳᠠᠪᠠᠷ ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ ᠬᠥᠷᠥᠩᠭᠡ ᠶᠢ ᠲᠣᠬᠢᠷᠠᠭᠤᠯᠬᠤ ᠬᠡᠷᠡᠭᠲᠡᠢ᠃ ᠲᠣᠬᠢᠷᠠᠭᠤᠯᠵᠤ ᠳᠡᠶᠢᠯᠬᠦ ᠦᠭᠡᠶ ᠪᠣᠯ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢ ᠠᠪᠴᠤ ᠪᠣᠯᠤᠨ᠎ᠠ᠃    ᠠᠷᠪᠠᠨ ᠵᠢᠷᠭᠤᠳᠤᠭᠠᠷ ᠵᠦᠢᠯ ᠴᠢᠬᠤᠯᠠ ᠬᠤᠷᠠᠯ ᠬᠤᠷᠠᠯᠳᠤᠭᠤᠯᠬᠤ᠂ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠬᠦ ᠪᠤᠶᠤ ᠲᠦᠷ ᠴᠠᠭ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠵᠡᠷᠭᠡ ᠳᠤ ᠡᠳ᠋ ᠬᠥᠷᠥᠩᠭᠡ ᠲᠣᠬᠢᠷᠠᠭᠤᠯᠬᠤ ᠴᠢᠬᠤᠯᠠ ᠲᠠᠢ ᠪᠣᠯ ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠢᠳᠪᠤᠷᠢᠯᠡᠬᠦ ᠬᠡᠷᠡᠭᠲᠡᠶ᠃ ᠬᠤᠳᠠᠯᠳᠤᠨ ᠠᠪᠬᠤ ᠦᠨᠡᠨᠬᠦ ᠴᠢᠬᠤᠯᠠ ᠲᠠᠢ ᠪᠣᠯ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃    ᠠᠷᠪᠠᠨ ᠳᠣᠯᠣᠳᠤᠭᠠᠷ ᠵᠦᠢᠯ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠨᠡᠶᠢᠲᠡ ᠶᠢᠨ ᠪᠣᠳᠠᠰ ᠤᠨ ᠬᠥᠮᠥᠷᠭᠡ ᠪᠠᠶᠢᠭᠤᠯᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡ ᠶᠢᠨ ᠪᠣᠳᠠᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠷ᠎ᠡ ᠪᠦᠲᠦᠮᠵᠢ ᠪᠠᠷ ᠳᠣᠣᠷ᠎ᠠ᠂ ᠰᠤᠯᠠ ᠪᠠᠶᠢᠭ᠎ᠠ ᠡᠳ᠋ ᠬᠥᠷᠥᠩᠭᠡ ᠪᠠ ᠲᠣᠮᠣ ᠬᠡᠯᠪᠡᠷᠢ ᠶᠢᠨ ᠬᠤᠷᠠᠯ ︵ᠠᠵᠢᠯᠯᠠᠭ᠎ᠠ︶᠂ ᠲᠦᠷ ᠴᠠᠭ ᠤᠨ ᠪᠠᠶᠢᠭᠤᠯᠤᠮᠵᠢ ᠶᠢᠨ ᠡᠳ᠋ ᠬᠥᠷᠥᠩᠭᠡ ᠵᠡᠷᠭᠡ ᠶᠢ ᠨᠡᠶᠢᠲᠡ ᠶᠢᠨ ᠪᠣᠳᠠᠰ ᠤᠨ ᠬᠥᠮᠥᠷᠭᠡ ᠶᠢᠨ ᠲᠥᠪᠯᠡᠷᠡᠭᠦᠯᠦᠨ ᠬᠠᠮᠢᠶᠠᠷᠬᠤ᠂ ᠲᠣᠬᠢᠷᠠᠭᠤᠯᠤᠨ ᠬᠡᠷᠡᠭᠯᠡᠬᠦ ᠵᠡᠷᠭᠡ ᠳᠤ ᠨᠢᠭᠡᠳᠦᠯᠲᠡᠶ ᠣᠷᠣᠭᠤᠯᠬᠤ ᠬᠡᠷᠡᠭᠲᠡᠶ᠃    ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠡᠳ᠋ ᠬᠥᠷᠥᠩᠭᠡ ᠲᠣᠬᠢᠷᠠᠭᠤᠯᠬᠤ ᠳᠠᠭᠠᠨ ᠨᠡᠶᠢᠲᠡ ᠶᠢᠨ ᠡᠳ᠋ ᠪᠣᠳᠠᠰ ᠤᠨ ᠬᠥᠮᠥᠷᠭᠡ ᠠᠴᠠ ᠲᠣᠬᠢᠷᠠᠭᠤᠯᠤᠨ ᠰᠢᠢᠳᠪᠦᠷᠢᠯᠡᠬᠦ ᠶᠢ ᠤᠷᠢᠳᠠᠪᠠᠷ ᠪᠣᠳᠣᠯᠬᠢᠯᠠᠬᠤ ᠬᠡᠷᠡᠭᠲᠡᠢ᠃    ᠠᠷᠪᠠᠨ ᠨᠠᠢᠮᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠳᠣᠤᠷ᠎ᠠ ᠦᠷ᠎ᠡ ᠠᠰᠢᠭ ᠲᠠᠢ᠂ ᠰᠤᠯᠠ ᠪᠠᠶᠢᠬᠤ ᠡᠳ᠋ ᠬᠥᠷᠥᠩᠭᠡ ᠶᠢ ᠪᠣᠯ ᠤᠷᠢᠳᠠᠪᠠᠷ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠳᠣᠲᠣᠭᠠᠳᠤ ᠳᠠᠭᠠᠨ ᠲᠣᠬᠢᠷᠠᠭᠤᠯᠤᠨ ᠠᠰᠢᠭᠯᠠᠬᠤ ᠬᠡᠷᠡᠭᠲᠡᠶ᠃ ᠬᠡᠷᠡᠭᠯᠡᠭᠡᠨ ᠤ ᠥᠷᠲᠡᠭ ᠢᠶᠠᠷ ᠶᠡᠭᠡ᠂ ᠠᠰᠢᠭᠯᠠᠬᠤ ᠬᠦᠷᠢᠶ᠎ᠡ ᠬᠡᠪᠴᠢᠶ᠎ᠡ ᠪᠠᠷ ᠥᠷᠭᠡᠨ ᠦᠷ᠎ᠡ ᠠᠰᠢᠭ ᠢᠶᠠᠷ ᠳᠣᠣᠷ᠎ᠠ᠂ ᠰᠤᠯᠠ ᠪᠠᠶᠢᠭ᠎ᠠ ᠡᠳ᠋ ᠬᠥᠷᠥᠩᠭᠡ ᠶᠢ ᠰᠠᠯᠠᠭ᠎ᠠ ᠮᠥᠴᠢᠷ ᠠᠯᠤᠰᠯᠠᠭᠰᠠᠨ᠂ ᠳᠡᠰ ᠠᠯᠤᠰᠯᠠᠭᠰᠠᠨ ᠪᠠ ᠳᠡᠰ ᠠᠯᠤᠰᠯᠠᠭᠰᠠᠨ ᠡᠳ᠋ ᠬᠥᠷᠥᠩᠭᠡ ᠶᠢᠨ ᠲᠣᠬᠢᠷᠠᠭᠤᠯᠤᠯᠲᠠ ᠶᠢ ᠢᠳᠡᠪᠬᠢᠲᠡᠢ ᠠᠬᠢᠭᠤᠯᠤᠨ᠎ᠠ︔ ᠮᠡᠷᠭᠡᠵᠢᠯ ᠤᠨ ᠰᠢᠯᠲᠠᠭᠠᠨ ᠠᠴᠠ ᠪᠣᠯᠵᠤ ᠰᠢᠨᠡᠳᠬᠡᠬᠦ ᠴᠢᠬᠤᠯᠠᠲᠠᠢ ᠪᠣᠯᠪᠠᠴᠤ ᠮᠥᠨ ᠬᠦ ᠬᠡᠷᠡᠭᠯᠡᠬᠦ ᠦᠨ᠎ᠡ ᠥᠷᠲᠡᠭ ᠲᠠᠢ ᠡᠳ᠋ ᠬᠥᠷᠥᠩᠭᠡ ᠳᠤ᠂ ᠬᠡᠷᠡᠭᠴᠡᠭᠡ ᠪᠠᠨ ᠬᠤᠪᠢᠷᠠᠭᠤᠯᠬᠤ ᠪᠠᠷ ᠳᠠᠮᠵᠢᠭᠤᠯᠤᠨ ᠮᠡᠷᠭᠡᠵᠢᠯ ᠤᠨ ᠱᠠᠭᠠᠷᠳᠠᠯᠭ᠎ᠠ ᠪᠠᠷ ᠬᠠᠷᠢᠴᠠᠩᠭᠤᠢ ᠳᠣᠣᠷ᠎ᠠ ᠰᠠᠯᠠᠭ᠎ᠠ ᠮᠥᠴᠢᠷ᠂ ᠨᠢᠭᠡᠴᠡ ᠳᠤ ᠬᠦᠷᠲᠡᠯ᠎ᠡ ᠲᠣᠬᠢᠷᠠᠭᠤᠯᠤᠨ᠎ᠠ᠃    ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠬᠥᠷᠥᠩᠭᠡ ᠶᠢ ᠲᠥᠪᠯᠡᠷᠡᠭᠦᠯᠦᠨ ᠡᠵᠡᠩᠨᠡᠬᠦ ᠲᠠᠪᠴᠠᠩ ᠪᠠᠶᠢᠭᠤᠯᠬᠤ ᠪᠤᠶᠤ ᠲᠤᠰᠬᠠᠶ ᠪᠠᠶᠢᠭᠤᠯᠤᠮᠵᠢ ᠳᠤ ᠨᠠᠶᠢᠳᠠᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠦᠷ᠎ᠡ ᠪᠦᠲᠦᠮᠵᠢ ᠪᠠᠷ ᠳᠣᠤᠷ᠎ᠠ᠂ ᠰᠤᠯᠠ ᠪᠠᠶᠢᠬᠤ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ᠂ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠨ ᠡᠵᠡᠩᠨᠡᠬᠦ ᠪᠠ ᠬᠠᠮᠢᠶᠠᠷᠬᠤ ᠶᠢ ᠬᠡᠷᠡᠭᠵᠢᠭᠦᠯᠵᠦ᠂ ᠡᠳ᠋ ᠬᠥᠷᠥᠩᠭᠡ ᠶᠢ ᠨᠢᠭᠡᠳᠦᠯᠲᠡᠶ ᠲᠥᠯᠥᠪᠯᠡᠬᠦ ᠴᠢᠳᠠᠪᠤᠷᠢ ᠪᠠ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠠᠷᠪᠠ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠡᠳ᠋ ᠬᠥᠷᠥᠩᠭᠡ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠳᠤ ᠡᠳ᠋ ᠬᠥᠷᠥᠩᠭᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠳᠤᠷᠠᠳᠴᠤ᠂ ᠡᠳ᠋ ᠬᠥᠷᠥᠩᠭᠡ ᠲᠣᠬᠢᠷᠠᠭᠤᠯᠬᠤ ᠬᠠᠮᠢᠶ᠎ᠠ ᠪᠦᠬᠦᠢ ᠵᠠᠷᠤᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠵᠤ᠂ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠪᠣᠯᠤᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠴᠣᠬᠤᠯᠠᠪᠤᠷᠢᠯᠠᠭᠰᠠᠨ ᠲᠥᠰᠦᠪ ᠤᠨ ᠶᠣᠰᠣᠭᠠᠷ ᠡᠳ᠋ ᠬᠥᠷᠥᠩᠭᠡ ᠲᠣᠬᠢᠷᠠᠭᠤᠯᠬᠤ ᠬᠡᠷᠡᠭᠲᠡᠶ᠃    ᠬᠤᠷᠢᠳᠤᠭᠠᠷ ᠵᠦᠢᠯ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠭᠰᠠᠨ ᠦᠷ᠎ᠡ ᠪᠦᠲᠦᠮᠵᠢ ᠶᠢ ᠰᠢᠨ᠎ᠡ ᠪᠠᠷ ᠨᠡᠮᠡᠭᠳᠡᠭᠰᠡᠨ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠦᠪ ᠲᠠᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠲᠥᠰᠦᠪ ᠤᠨ ᠬᠢᠵᠠᠭᠠᠷᠯᠠᠯ ᠢᠶᠠᠷ ᠳᠠᠮᠵᠢᠭᠤᠯᠤᠨ ᠡᠳ᠋ ᠬᠥᠷᠥᠩᠭᠡ ᠶᠢ ᠠᠮᠢᠳᠤᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠶ᠃ ᠡᠳ᠋ ᠬᠥᠷᠥᠩᠭᠡ ᠶᠢᠨ ᠰᠤᠯᠠ ᠲᠠᠯᠪᠢᠵᠤ ᠪᠦᠷᠢᠯᠭᠡᠬᠦ ᠶᠠᠪᠤᠳᠠᠯ ᠬᠦᠨᠳᠦ ᠨᠣᠴᠢᠲᠠᠶ ᠪᠠᠶᠢᠭ᠎ᠠ ᠰᠠᠯᠠᠭ᠎ᠠ ᠮᠥᠴᠢᠷ᠂ ᠨᠢᠭᠡᠴᠡ ᠶᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠠᠶᠢᠳᠠᠯ ᠢ ᠨᠢ ᠦᠵᠡᠵᠦ ᠪᠠᠶᠢᠭᠠᠳ ᠰᠢᠨ᠎ᠡ ᠪᠠᠷ ᠨᠡᠮᠡᠭᠳᠡᠭᠰᠡᠨ ᠡᠳ᠋ ᠬᠥᠷᠥᠩᠭᠡ ᠲᠣᠬᠢᠷᠠᠭᠤᠯᠬᠤ ᠲᠥᠰᠦᠪ ᠢ ᠴᠤᠬᠤᠯᠠᠪᠤᠷᠢᠯᠠᠨ ᠬᠠᠷᠢᠭᠤᠯᠬᠤ ᠶᠢ ᠵᠣᠭᠰᠣᠭᠠᠵᠤ ᠪᠣᠯᠤᠨ᠎ᠠ᠃ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠪᠠᠯᠭᠠᠰᠤ ᠨᠢ ᠨᠢᠭᠡᠨᠲᠡ ᠲᠦᠷᠢᠶᠡᠰᠦᠯᠡᠭᠦᠯᠬᠦ᠂ ᠵᠢᠭᠡᠯᠡᠭᠦᠯᠬᠦ ᠳᠤ ᠬᠡᠷᠡᠭᠯᠡᠭᠰᠡᠨ ᠠᠳᠠᠯᠢ ᠲᠥᠷᠥᠯ ᠤᠨ ᠡᠳ᠋ ᠬᠥᠷᠥᠩᠭᠡ ᠶᠢ ᠬᠤᠳᠠᠯᠳᠤᠨ ᠠᠪᠴᠤ ᠪᠣᠯᠬᠤ ᠦᠭᠡᠶ᠃ ᠤᠯᠤᠰ ᠠᠴᠠ ᠠᠰ ᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠨᠢ ᠬᠢᠬᠦ ᠬᠡᠷᠡᠭᠲᠡᠶ᠃    ᠬᠤᠷᠢᠨ ᠨᠢᠭᠡᠳᠦᠭᠡᠷ ᠵᠦᠢᠯ ᠵᠠᠰᠠᠭ ᠤᠨ ᠣᠷᠳᠣᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠨᠡᠶᠢᠲᠡ ᠶᠢᠨ ᠰᠠᠭᠤᠷᠢ ᠪᠡᠯᠡᠳᠬᠡᠮᠵᠢ ᠨᠢ ᠪᠡᠯᠡ ᠮᠥᠩᠭᠦ ᠶᠢᠨ ᠢᠷᠡᠯᠲᠡ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠥᠰᠦᠪ ᠤᠨ ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠶᠢᠨ ᠬᠠᠮᠲᠤ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠬᠤ ᠬᠡᠷᠡᠭᠲᠡᠶ᠃    ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ ᠪᠠ ᠰᠢᠶ᠋ᠳᠪᠦᠷᠢᠯᠡᠭᠰᠡᠨ ᠵᠡᠷᠭᠡ ᠣᠷᠣᠯᠭ᠎ᠠ ᠳᠤ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠣᠯᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠵᠤ ᠲᠤᠰᠢᠶᠠᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠶ᠂ ᠤᠯᠤᠰ ᠠᠴᠠ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠶ᠃    ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠤᠭᠤᠳ ᠬᠠᠤᠯᠢ ᠶᠣᠰᠣᠭᠠᠷ ᠲᠣᠷᠭᠠᠵᠤ ᠬᠤᠷᠢᠶᠠᠨ ᠠᠪᠤᠭᠰᠠᠨ ᠡᠳ᠋ ᠬᠥᠷᠥᠩᠭᠡ ᠶᠢ ᠤᠯᠤᠰ ᠤᠨ ᠲᠣᠭᠲᠠᠭᠠᠯ ᠶᠣᠰᠣᠭᠠᠷ ᠢᠯᠡ ᠪᠠᠷ ᠦᠨ᠎ᠡ ᠬᠠᠶᠠᠨ ᠬᠤᠳᠠᠯᠳᠤᠬᠤ ᠪᠤᠶᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠶ᠋ᠳᠪᠦᠷᠢᠯᠡᠵᠦ᠂ ᠣᠯᠤᠭᠰᠠᠨ ᠵᠣᠭᠤᠰ ᠪᠦᠬᠦᠨ ᠢ ᠪᠦᠬᠦᠨ ᠢ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠶ᠃ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠨᠡᠷ᠎ᠡ ᠪᠠᠷ᠂ ᠰᠢᠶ᠋ᠳᠪᠦᠷᠢᠯᠡᠬᠦ ᠴᠢᠬᠤᠯᠠ ᠦᠭᠡᠶ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠶ᠋ᠳᠪᠦᠷᠢᠯᠡᠬᠦ ᠪᠤᠶᠤ ᠬᠤᠳᠠᠯ ᠬᠠᠭᠤᠷᠮᠠᠭ ᠢᠶᠠᠷ ᠠᠷᠠᠯᠵᠢᠶᠠᠯᠠᠬᠤ ᠶᠢ ᠴᠠᠭᠠᠵᠠᠯᠠᠨ᠎ᠡ᠃    ᠭᠤᠷᠪᠠᠳᠤᠭᠠᠷ ᠪᠦᠯᠦᠭ ᠰᠠᠭᠤᠷᠢ ᠬᠠᠮᠢᠶᠠᠷᠤᠯᠲᠠ ᠬᠢᠭᠡᠳ ᠡᠳ᠋ ᠬᠥᠷᠥᠩᠭᠡ ᠶᠢᠨ ᠬᠡᠷᠡᠭᠯᠡᠯᠲᠡ    ᠬᠤᠷᠢᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠡ ᠳᠠᠩᠰᠠ ᠪᠠᠶᠢᠭᠤᠯᠵᠤ᠂ ᠤᠯᠤᠰ ᠤᠨ ᠨᠢᠭᠡᠳᠦᠯᠲᠡᠶ ᠨᠢᠭᠲᠠᠯᠠᠨ ᠪᠣᠳᠣᠬᠤ ᠳᠦᠷᠢᠮ ᠤᠨ ᠶᠣᠰᠣᠭᠠᠷ ᠨᠢᠭᠲᠠᠯᠠᠨ ᠪᠣᠳᠣᠬᠤ ᠲᠣᠭᠠᠴᠠᠭ᠎ᠠ ᠬᠢᠵᠦ᠂ ᠪᠤᠶ ᠪᠦᠬᠦᠢ ᠬᠥᠷᠥᠩᠭᠡ ᠶᠢᠨ ᠴᠢᠨᠠᠷᠲᠠᠶ ᠵᠠᠷᠤᠯᠭ᠎ᠠ ᠳᠤ ᠡᠳ᠋ ᠬᠥᠷᠥᠩᠭᠡ ᠪᠦᠷᠢᠯᠳᠦᠭᠦᠯᠬᠦ ᠶᠢᠨ ᠬᠠᠮᠲᠤ ᠪᠦᠬᠦ ᠶᠠᠪᠤᠴᠠ ᠶᠢ ᠨᠢ ᠳᠠᠩᠰᠠᠯᠠᠬᠤ ᠬᠡᠷᠡᠭᠲᠡᠶ᠂ ᠳᠠᠩᠰᠠᠨ ᠠᠴᠠ ᠭᠠᠳᠠᠨᠠᠬᠢ ᠡᠳ᠋ ᠬᠥᠷᠥᠩᠭᠡ ᠪᠣᠯᠵᠤ ᠪᠣᠯᠬᠤ ᠦᠭᠡᠶ᠃    ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠡᠳ᠋ ᠬᠥᠷᠥᠩᠭᠡ ᠶᠢ ᠰᠢᠢᠳᠪᠦᠷᠢᠯᠡᠬᠦ ᠳᠤ ᠬᠠᠮᠢᠶ᠎ᠠ ᠪᠥᠬᠦᠶ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠢᠨᠠᠨ ᠭᠠᠷᠭᠠᠬᠤ ᠶᠢᠨ ᠬᠠᠮᠲᠤ ᠨᠢᠭᠲᠠᠯᠠᠨ ᠪᠤᠳᠤᠵᠤ ᠰᠢᠶ᠋ᠳᠪᠦᠷᠢᠯᠡᠬᠦ ᠬᠡᠷᠡᠭᠲᠡᠶ᠃    ᠬᠤᠷᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢᠶᠠᠷ ᠡᠳ᠋ ᠬᠥᠷᠥᠩᠭᠡ ᠶᠢ ᠲᠣᠬᠢᠷᠠᠭᠤᠯᠪᠠᠯ᠂ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠡᠳ᠋ ᠬᠥᠷᠥᠩᠭᠡ ᠶᠢ ᠲᠤᠰᠢᠶᠠᠨ ᠥᠭᠬᠦ ᠭᠠᠷᠳᠠᠮ ᠢ ᠴᠠᠭ ᠲᠤᠬᠠᠶ ᠳᠤᠨᠢ ᠭᠦᠢᠴᠡᠳᠬᠡᠬᠦ ᠶᠢᠨ ᠬᠠᠮᠲᠤ ᠲᠣᠭᠲᠠᠭᠰᠠᠨ ᠬᠤᠭᠤᠴᠠᠭᠠᠨ ᠳᠣᠲᠣᠷ᠎ᠠ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠢ ᠭᠦᠢᠴᠡᠳᠬᠡᠵᠦ᠂ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠢ᠃    ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠨᠢᠭᠡᠨᠲᠡ ᠲᠤᠰᠢᠶᠠᠵᠤ ᠥᠭᠭᠦᠭᠰᠡᠨ ᠪᠣᠯᠪᠠᠴᠤ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠭᠦᠢᠴᠡᠳᠬᠡᠭᠰᠡᠨ ᠦᠭᠡᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠤᠰ ᠤᠨ ᠨᠢᠭᠡᠳᠦᠯᠲᠡᠢ ᠨᠢᠭᠲᠠᠯᠠᠨ ᠪᠣᠳᠣᠬᠤ ᠳᠦᠷᠢᠮ ᠤᠨ ᠶᠣᠰᠣᠭᠠᠷ ᠡᠳ᠋ ᠬᠥᠷᠥᠩᠭᠡ ᠶᠢᠨ ᠥᠷᠲᠡᠭ ᠢ ᠨᠤᠲᠠᠯᠠᠬᠤ ᠬᠡᠷᠡᠭᠲᠡᠢ᠃    ᠬᠤᠷᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠡᠷᠬᠡ ᠬᠠᠷᠢᠶ᠎ᠠ ᠶᠢ ᠳᠠᠩᠰᠠᠯᠠᠭᠤᠯᠬᠤ ᠴᠢᠬᠤᠯᠠᠲᠠᠶ ᠡᠳ᠋ ᠬᠥᠷᠥᠩᠭᠡ ᠶᠢ ᠬᠠᠤᠯᠢ ᠶᠣᠰᠣᠭᠠᠷ ᠴᠠᠭ ᠲᠤᠬᠠᠶ ᠳᠤᠨᠢ ᠭᠦᠢᠴᠡᠳᠬᠡᠬᠦ ᠬᠡᠷᠡᠭᠲᠡᠶ᠃ ᠳᠠᠩᠰᠠ ᠳᠡᠪᠲᠡᠷ ᠪᠠᠶᠢᠬᠤ ᠪᠣᠯᠪᠠᠴᠤ ᠡᠷᠬᠡ ᠶᠢᠨ ᠬᠠᠷᠢᠶ᠎ᠠ ᠶᠢᠨ ᠭᠠᠷᠳᠠᠮ ᠨᠢ ᠪᠦᠷᠢᠨ ᠪᠤᠰᠤ ᠪᠠᠶᠢᠭ᠎ᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠳ᠋ ᠬᠥᠷᠥᠩᠭᠡ ᠶᠢᠨ ᠡᠷᠬᠡ ᠶᠢᠨ ᠬᠠᠷᠢᠶ᠎ᠠ ᠶᠢ ᠨᠤᠲᠠᠯᠠᠨ ᠲᠣᠭᠲᠠᠭᠠᠬᠤ ᠭᠤᠶᠤᠴᠢᠯᠠᠯ ᠢᠶᠠᠨ ᠳᠤᠷᠠᠳᠴᠤ᠂ ᠴᠠᠭ ᠲᠤᠬᠠᠶ ᠳᠤᠨᠢ ᠡᠷᠬᠡ ᠶᠢᠨ ᠬᠠᠷᠢᠶ᠎ᠠ ᠶᠢᠨ ᠳᠠᠩᠰᠠᠯᠠᠯ ᠢ ᠭᠦᠢᠴᠡᠳᠬᠡᠵᠦ ᠪᠣᠯᠤᠨ᠎ᠠ᠃    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠡ ᠶᠢᠨ ᠬᠤᠭᠤᠷᠣᠨᠳᠣ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠡ ᠨᠢ ᠪᠤᠰᠤᠳ ᠨᠢᠭᠡᠴᠡ ᠪᠠ ᠬᠤᠪᠢ ᠬᠥᠮᠦᠨ ᠯᠦᠭᠡ ᠡᠳ᠋ ᠬᠥᠷᠥᠩᠭᠡ ᠶᠢᠨ ᠵᠢᠭᠤᠷᠠᠯᠳᠤᠭᠠᠨ ᠭᠠᠷᠤᠭᠰᠠᠨ ᠪᠣᠯ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠥᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠰᠢᠶ᠋ᠳᠪᠦᠷᠢᠯᠡᠬᠦ ᠬᠡᠷᠡᠭᠲᠡᠶ᠃    ᠬᠤᠷᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠴᠠᠩᠭᠤᠶ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠷᠢᠨ ᠳᠣᠯᠣᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠳ᠋ ᠬᠥᠷᠥᠩᠭᠡ ᠶᠢ ᠪᠦᠷᠢᠳᠬᠡᠨ᠂ ᠳᠠᠩᠰᠠ ᠬᠠᠷᠭᠤᠭᠤᠯᠬᠤ ᠬᠡᠷᠡᠭᠲᠡᠶ᠃ ᠡᠳ᠋ ᠬᠥᠷᠥᠩᠭᠡ ᠶᠢᠨ ᠠᠰᠢᠭ ᠤᠨ ᠠᠯᠳᠠᠭᠳᠠᠯ ᠭᠠᠷᠤᠭᠰᠠᠨ ᠪᠠᠶᠢᠪᠠᠯ᠂ ᠡᠳ᠋ ᠤᠨ ᠶᠠᠪᠤᠳᠠᠯ ᠂ ᠨᠢᠭᠲᠠᠯᠠᠨ ᠪᠣᠳᠣᠭᠴᠢ ᠪᠣᠯᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠶ᠋ᠳᠪᠦᠷᠢᠯᠡᠵᠦ᠂ ᠳᠠᠩᠰᠠ ᠨᠢ ᠪᠣᠳᠠᠲᠠᠶ ᠪᠠᠶᠢᠬᠤ ᠪᠠ ᠳᠠᠩᠰᠠ ᠨᠢ ᠬᠠᠷᠢᠯᠴᠠᠨ ᠨᠡᠶᠢᠴᠡᠭᠰᠡᠨ ᠪᠠᠶᠢᠬᠤ ᠬᠡᠷᠡᠭᠲᠡᠶ᠃    ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠵᠢᠯ ᠪᠦᠷᠢ ᠡᠳ᠋ ᠬᠥᠷᠥᠩᠭᠡ ᠶᠢᠨ ᠲᠣᠭᠠᠯᠠᠨ ᠪᠦᠷᠢᠳᠬᠡᠬᠦ ᠠᠵᠢᠯ ᠲᠠᠢ ᠤᠶᠠᠯᠳᠤᠭᠤᠯᠤᠨ ᠲᠤᠰᠬᠠᠶ ᠵᠦᠢᠯ ᠤᠨ ᠴᠡᠪᠡᠷᠯᠡᠯᠲᠡ ᠬᠢᠵᠦ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠪᠠᠶᠢᠳᠠᠯ ᠢ ᠡᠮᠬᠢᠯᠡᠵᠦ᠂ ᠦᠷ᠎ᠡ ᠪᠦᠲᠦᠮᠵᠢ ᠪᠠᠷ ᠳᠣᠤᠷ᠎ᠠ ᠠᠵᠢᠯᠯᠠᠭᠠᠨ᠂ ᠰᠤᠯᠠ ᠲᠠᠯᠪᠢᠵᠤ ᠪᠠᠶᠢᠭ᠎ᠠ ᠬᠡᠷ ᠪᠠᠶᠢᠰᠢᠩ᠂ ᠭᠠᠵᠠᠷ ᠰᠢᠷᠣᠶ᠂ ᠲᠡᠷᠭᠡ ᠬᠥᠰᠬᠡ᠂ ᠠᠯᠪᠠᠯᠠᠬᠤ ᠲᠥᠬᠦᠭᠡᠷᠦᠮᠵᠢ ᠶᠢᠨ ᠭᠡᠷ ᠤᠨ ᠬᠡᠷᠡᠭᠰᠡᠯ᠂ ᠲᠣᠮᠣ ᠬᠡᠯᠪᠡᠷᠢ ᠶᠢᠨ ᠬᠡᠮᠵᠢᠭᠦᠷᠯᠢᠭ᠂ ᠵᠥᠭᠡᠯᠡᠨ ᠲᠣᠨᠤᠭ ᠵᠡᠷᠭᠡ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠬᠡᠪᠴᠢᠶᠡᠨ ᠳᠤ ᠣᠷᠣᠭᠤᠯᠵᠤ᠂ ᠬᠠᠮᠲᠤ ᠪᠠᠷ ᠡᠳ᠋ᠯᠡᠬᠦ᠂ ᠲᠣᠬᠢᠷᠠᠭᠤᠯᠬᠤ᠂ ᠲᠦᠷᠢᠶᠡᠰᠦᠯᠡᠭᠦᠯᠬᠦ᠂ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠠᠬᠢᠭᠤᠯᠵᠤ᠂ ᠡᠳ᠋ ᠬᠥᠷᠥᠩᠭᠡ ᠶᠢ ᠠᠰᠢᠭᠯᠠᠬᠤ ᠦᠷ᠎ᠡ ᠪᠦᠲᠦᠮᠵᠢ ᠶᠢ ᠪᠠᠳᠠᠷᠠᠭᠤᠯᠬᠤ ᠬᠡᠷᠡᠭᠲᠡᠶ᠃    ᠬᠤᠷᠢᠨ ᠨᠠᠢᠮᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠡᠯ᠎ᠡ ᠵᠦᠢᠯ ᠤᠨ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠠᠷᠭ᠎ᠠ ᠮᠠᠶ᠋ᠢᠭ ᠢ ᠠᠰᠢᠭᠯᠠᠨ᠂ ᠲᠤᠰ ᠨᠢᠭᠡᠴᠡ ᠶᠢᠨ ᠢᠶᠠᠨ ᠬᠡᠪᠴᠢᠶᠡᠨ ᠳᠣᠲᠣᠷ᠎ᠠ ᠨᠢ ᠴᠢᠯᠥᠭᠡᠲᠡᠶ ᠪᠣᠯᠭᠠᠵᠤ ᠳᠡᠶᠢᠯᠬᠦ ᠡᠳ᠋ ᠬᠥᠷᠥᠩᠭᠡ ᠶᠢ ᠠᠮᠢᠳᠤᠯᠢᠭᠵᠢᠭᠤᠯᠤᠨ ᠠᠰᠢᠭᠯᠠᠬᠤ ᠬᠡᠷᠡᠭᠲᠡᠶ᠃ ᠲᠤᠰ ᠨᠢᠭᠡᠴᠡ ᠶᠢᠨ ᠢᠶᠠᠨ ᠠᠮᠢᠳᠤᠯᠢᠭ ᠪᠣᠯᠭᠠᠬᠤ ᠶᠢᠨ ᠠᠷᠭ᠎ᠠ ᠦᠭᠡᠶ ᠡᠳ᠋ ᠬᠥᠷᠥᠩᠭᠡ ᠶᠢ ᠪᠣᠯ ᠴᠠᠭ ᠲᠤᠬᠠᠶ ᠳᠤᠨᠢ ᠲᠤᠰ ᠨᠢᠭᠡᠴᠡ ᠶᠢᠨ ᠢᠶᠠᠨ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃    ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠮᠡᠳᠡᠭᠡ ᠵᠠᠩᠭᠢ ᠶᠢ ᠠᠮᠢᠳᠤᠯᠢᠭ ᠪᠣᠯᠭᠠᠬᠤ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠤᠯᠠ ᠲᠠᠯᠪᠢᠵᠤ ᠪᠠᠶᠢᠭᠰᠠᠨ ᠡᠳ᠋ ᠬᠥᠷᠥᠩᠭᠡ ᠶᠢ ᠴᠢᠯᠥᠭᠡᠲᠡᠶ ᠪᠣᠯᠭᠠᠬᠤ ᠶᠢ ᠠᠬᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠡᠳ᠋ ᠬᠥᠷᠥᠩᠭᠡ ᠶᠢᠨ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠬᠦ ᠬᠡᠷᠡᠭᠲᠡᠶ᠃    ᠬᠤᠷᠢ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠢᠶᠠᠨ ᠬᠥᠳᠡᠯᠦᠩᠭᠦᠶ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠡᠳ᠋ ᠬᠥᠷᠥᠩᠭᠡ ᠵᠡᠷᠭᠡ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠡᠷᠡᠭᠯᠡᠬᠦ ᠶᠠᠪᠤᠴᠠ ᠶᠢ ᠵᠢᠷᠤᠮᠵᠢᠭᠤᠯᠵᠤ᠂ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠬᠠᠮᠢᠶ᠎ᠠ ᠪᠥᠬᠦᠶ ᠡᠳ᠋ ᠬᠥᠷᠥᠩᠭᠡ ᠶᠢᠨ ᠠᠮᠤᠷ ᠲᠦᠪᠰᠢᠨ ᠪᠦᠲᠦᠮᠵᠢᠲᠡᠶ ᠬᠡᠷᠡᠭᠯᠡᠯᠲᠡ ᠶᠢ ᠠᠬᠢᠭᠤᠯᠬᠤ ᠬᠡᠷᠡᠭᠲᠡᠶ᠃    ᠭᠤᠴᠢᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠤᠭᠤᠳ ᠡᠳ᠋ ᠬᠥᠷᠥᠩᠭᠡ ᠶᠢᠨ ᠬᠡᠷᠡᠭᠯᠡᠵᠦ ᠬᠠᠮᠢᠶᠠᠷᠬᠤ ᠬᠠᠷᠢᠭᠤᠴᠠᠯᠭ᠎ᠠ ᠪᠠᠨ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠭᠴᠢ ᠪᠣᠯᠤᠨ ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ᠂ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠡᠳ᠋ ᠬᠥᠷᠥᠩᠭᠡ ᠶᠢᠨ ᠬᠡᠷᠡᠭᠯᠡᠭᠴᠢ᠂ ᠬᠠᠮᠢᠶᠠᠷᠤᠭᠴᠢ ᠨᠢ ᠳᠦᠷᠢᠮ ᠲᠣᠭᠲᠠᠭᠠᠯ ᠤᠨ ᠶᠣᠰᠣᠭᠠᠷ ᠡᠳ᠋ ᠬᠥᠷᠥᠩᠭᠡ ᠶᠢ ᠵᠦᠢ ᠵᠣᠬᠢᠰᠲᠠᠶ ᠬᠡᠷᠡᠭᠯᠡᠵᠦ᠂ ᠬᠠᠮᠢᠶᠠᠷᠴᠤ᠂ ᠡᠳ᠋ ᠬᠥᠷᠥᠩᠭᠡ ᠶᠢᠨ ᠬᠦᠴᠦᠨ ᠴᠢᠳᠠᠪᠤᠷᠢ ᠶᠢ ᠭᠦᠢᠴᠡᠳ ᠪᠠᠳᠠᠷᠠᠭᠤᠯᠬᠤ ᠬᠡᠷᠡᠭᠲᠡᠶ᠃ ᠡᠳ᠋ ᠬᠥᠷᠥᠩᠭᠡ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠲᠣᠬᠢᠷᠠᠭᠤᠯᠬᠤ᠂ ᠰᠢᠨᠡᠳᠬᠡᠬᠦ᠂ ᠬᠡᠷᠡᠭᠯᠡᠭᠡᠨ ᠠᠴᠠ ᠭᠠᠷᠭᠠᠬᠤ ᠴᠢᠬᠤᠯᠠ ᠲᠠᠢ ᠪᠣᠯ ᠡᠳ᠋ ᠬᠥᠷᠥᠩᠭᠡ ᠬᠡᠷᠡᠭᠯᠡᠬᠦ᠂ ᠬᠠᠮᠢᠶᠠᠷᠤᠭᠴᠢ ᠨᠢ ᠴᠠᠭ ᠲᠤᠬᠠᠶ ᠳᠤᠨᠢ ᠳᠤᠷᠠᠳᠬᠤ ᠬᠡᠷᠡᠭᠲᠡᠶ᠃    ᠡᠳ᠋ ᠬᠥᠷᠥᠩᠭᠡ ᠬᠡᠷᠡᠭᠯᠡᠭᠴᠢ᠂ ᠬᠠᠮᠢᠶᠠᠷᠤᠭᠴᠢ ᠨᠢ ᠬᠤᠪᠢᠷᠠᠯᠲᠠ ᠭᠠᠷᠪᠠᠯ᠂ ᠴᠠᠭ ᠲᠤᠬᠠᠶ ᠳᠤᠨᠢ ᠡᠳ᠋ ᠬᠥᠷᠥᠩᠭᠡ ᠲᠤᠰᠢᠶᠠᠬᠤ ᠪᠠ ᠬᠦᠯᠢᠶᠡᠨ ᠠᠪᠬᠤ ᠭᠠᠷᠳᠠᠮ ᠢ ᠭᠦᠢᠴᠡᠳᠬᠡᠬᠦ ᠬᠡᠷᠡᠭᠲᠡᠶ᠃    ᠭᠤᠴᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠤᠰ ᠨᠢᠭᠡᠴᠡ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠬᠦ ᠬᠡᠷᠡᠭᠲᠡᠶ᠃    ᠵᠠᠰᠠᠭ ᠵᠠᠬᠢᠷᠭᠠᠨ ᠤ ᠨᠢᠭᠡᠴᠡ ᠶᠠᠮᠠᠷᠪᠠ ᠬᠡᠯᠪᠡᠷᠢ ᠪᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠭᠠᠳᠠᠭᠠᠳᠤ ᠳᠤ ᠪᠡᠯᠡ ᠣᠷᠣᠭᠤᠯᠬᠤ ᠪᠤᠶᠤ ᠣᠯᠵᠠᠪᠤᠷᠢ ᠶᠢᠨ ᠴᠢᠨᠠᠷᠲᠠᠶ ᠵᠣᠬᠢᠶᠠᠨ ᠪᠠᠶᠢᠭᠤᠯᠤᠯᠲᠠ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠶ᠃ ᠬᠠᠤᠯᠢ ᠳᠤ ᠥᠭᠡᠷ᠎ᠡ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃ ᠭᠤᠴᠢᠨ ᠬᠤᠶᠠᠳᠤᠭᠠᠷ ᠵᠦᠢᠯ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠬᠡᠷᠡᠭᠲᠡᠶ᠃    ᠠᠵᠢᠯ ᠦᠢᠯᠡᠰ ᠤᠨ ᠨᠢᠭᠡᠴᠡ ᠨᠦᠭᠦᠳ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠭᠯᠠᠨ ᠭᠠᠳᠠᠭᠠᠳᠤ ᠳᠤ ᠪᠡᠯᠡ ᠣᠷᠣᠭᠤᠯᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠵᠤ᠂ ᠠᠵᠢᠯ ᠦᠢᠯᠡᠰ ᠤᠨ ᠬᠥᠭᠵᠢᠯᠲᠡ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠠᠰᠢᠭᠲᠠᠶ ᠪᠣᠯᠭᠠᠬᠤ ᠶᠢᠨ ᠬᠠᠮᠲᠤ᠂ ᠪᠣᠯᠤᠮᠵᠢᠲᠤ ᠰᠤᠳᠤᠯᠤᠯ ᠪᠠ ᠬᠠᠮᠲᠤ ᠪᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠵᠤ᠂ ᠲᠣᠭᠲᠠᠭᠰᠠᠨ ᠡᠷᠬᠡ ᠮᠡᠳᠡᠯ ᠪᠠ ᠳᠡᠰ ᠳᠠᠷᠠᠭᠠᠯᠠᠯ ᠶᠣᠰᠣᠭᠠᠷ ᠶᠠᠪᠤᠭᠳᠠᠭᠤᠯᠬᠤ ᠬᠡᠷᠡᠭᠲᠡᠶ᠃    ᠠᠵᠢᠯ ᠦᠢᠯᠡᠰ ᠤᠨ ᠨᠢᠭᠡᠴᠡ ᠨᠦᠭᠦᠳ ᠭᠠᠳᠠᠭᠠᠳᠤ ᠳᠤ ᠪᠡᠯᠡ ᠣᠷᠣᠭᠤᠯᠤᠭᠰᠠᠨ ᠠᠴᠠ ᠪᠤᠶ ᠪᠣᠯᠤᠭᠰᠠᠨ ᠰᠲ᠋ᠣᠺ ᠤᠨ ᠡᠷᠬᠡ ᠵᠢᠴᠢ ᠲᠡᠭᠦᠨ ᠤ ᠬᠠᠮᠢᠶ᠎ᠠ ᠪᠦᠬᠦᠢ ᠡᠷᠬᠡ ᠠᠰᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠲᠠᠭᠠᠯ ᠶᠣᠰᠣᠭᠠᠷ ᠭᠠᠳᠠᠭᠠᠳᠤ ᠳᠤ ᠪᠡᠯᠡ ᠣᠷᠣᠭᠤᠯᠵᠤ ᠪᠤᠶ ᠪᠣᠯᠤᠭᠰᠠᠨ ᠰᠲ᠋ᠣᠺ ᠤᠨ ᠡᠷᠬᠡ ᠶᠢ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠶ ᠬᠢᠨᠠᠨ ᠬᠠᠮᠢᠶᠠᠷᠬᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃    ᠭᠤᠴᠢᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠤᠭᠤᠳ ᠡᠳ᠋ ᠬᠥᠷᠥᠩᠭᠡ ᠶᠢᠨ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠰᠢᠶ᠋ᠳᠪᠦᠷᠢᠯᠡᠬᠦ ᠤᠴᠢᠷ ᠶᠠᠪᠤᠳᠠᠯ ᠢ ᠲᠦᠷᠭᠡᠳᠬᠡᠨ ᠭᠦᠢᠴᠡᠳᠬᠡᠬᠦ ᠬᠡᠷᠡᠭᠲᠡᠶ᠃    ᠭᠤᠴᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠶᠢ ᠲᠣᠬᠢᠷᠠᠭᠤᠯᠤᠨ ᠠᠰᠢᠭᠯᠠᠬᠤ ᠳᠤ ᠪᠡᠷᠬᠡᠲᠡᠶ ᠠᠯᠪᠠᠨ ᠭᠡᠷ᠂ ᠬᠡᠮᠵᠢᠭᠦᠷᠯᠢᠭ ᠲᠥᠬᠦᠭᠡᠷᠦᠮᠵᠢ ᠵᠡᠷᠭᠡ ᠡᠳ᠋ ᠬᠥᠷᠥᠩᠭᠡ ᠶᠢ ᠲᠣᠭᠲᠠᠭᠠᠭᠰᠠᠨ ᠡᠷᠬᠡ ᠮᠡᠳᠡᠯ ᠢᠶᠠᠷ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠭᠠᠳᠠᠭᠰᠢ ᠲᠦᠷᠢᠶᠡᠰᠦᠯᠡᠭᠦᠯᠬᠦ ᠪᠤᠶᠤ ᠰᠢᠶ᠋ᠳᠪᠦᠷᠢᠯᠡᠵᠦ ᠪᠣᠯᠤᠨ᠎ᠠ᠃ ᠤᠯᠤᠰ ᠠᠴᠠ ᠠᠰ ᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠨᠢ ᠬᠢᠬᠦ ᠬᠡᠷᠡᠭᠲᠡᠶ᠃    ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠨ ᠥᠭᠴᠦ ᠰᠢᠶ᠋ᠳᠪᠦᠷᠢᠯᠡᠭᠦᠯᠬᠦ ᠳᠤ ᠢᠯᠡ᠂ ᠲᠥᠪ ᠭᠤᠤᠯᠴᠢ᠂ ᠡᠷᠬᠡ ᠲᠡᠭᠰᠢ ᠪᠠ ᠥᠷᠢᠰᠥᠯᠳᠦᠨ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠶ᠃    ᠭᠤᠴᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠡ ᠪᠡᠯᠡᠭᠯᠡᠨ ᠬᠦᠷᠭᠡᠭᠰᠡᠨ ᠢ ᠬᠦᠯᠢᠶᠡᠨ ᠠᠪᠤᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠡᠯᠡᠭᠯᠡᠨ ᠬᠦᠷᠭᠡᠬᠦ ᠳᠤ ᠪᠣᠯᠵᠣᠨ ᠲᠣᠭᠲᠠᠭᠰᠠᠨ ᠬᠡᠷᠡᠭᠴᠡᠭᠡᠨ ᠤ ᠶᠣᠰᠣᠭᠠᠷ ᠬᠡᠷᠡᠭᠯᠡᠬᠦ ᠬᠡᠷᠡᠭᠲᠡᠶ᠃    ᠲᠤᠰᠠᠯᠠᠨ ᠬᠦᠷᠭᠡᠭᠰᠡᠨ ᠬᠥᠮᠦᠨ ᠤ ᠬᠦᠰᠡᠯ ᠰᠠᠨᠠᠭ᠎ᠠ ᠨᠢ ᠲᠣᠳᠣᠷᠬᠠᠶ ᠦᠭᠡᠶ ᠪᠤᠶᠤ ᠬᠡᠷᠡᠭᠴᠡᠭᠡ ᠶᠢ ᠨᠢ ᠪᠣᠯᠵᠣᠨ ᠲᠣᠭᠲᠠᠭᠰᠠᠨ ᠦᠭᠡᠶ ᠪᠠᠶᠢᠪᠠᠯ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠬᠡᠷᠡᠭᠯᠡᠬᠦ ᠬᠡᠷᠡᠭᠲᠡᠶ᠃    ᠭᠤᠴᠢᠨ ᠵᠢᠷᠭᠤᠳᠤᠭᠠᠷ ᠵᠦᠢᠯ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠬᠤ ᠬᠡᠷᠡᠭᠲᠡᠶ᠃    ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠡᠶ᠎ᠡ ᠶᠢᠨ ᠲᠠᠮᠢᠷ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠲᠣᠰ ᠠᠵᠢᠯ ᠲᠥᠷᠥᠯ ᠤᠨ ᠢᠶᠠᠨ ᠡᠳ᠋ ᠬᠥᠷᠥᠩᠭᠡ ᠶᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠵᠢᠯ ᠲᠥᠷᠥᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ᠂ ᠨᠥᠬᠦᠴᠡᠯ ᠪᠦᠷᠢᠯᠳᠦᠭᠦᠯᠦᠭᠰᠡᠨ ᠡᠳ᠋ ᠬᠥᠷᠥᠩᠭᠡ ᠶᠢ ᠰᠢᠭᠰᠢᠨ ᠰᠣᠩᠭᠤᠵᠤ ᠬᠠᠮᠲᠤ ᠪᠠᠷ ᠡᠳ᠋ᠯᠡᠵᠦ ᠰᠢᠯᠵᠢᠭᠦᠯᠦᠨ ᠲᠣᠬᠢᠷᠠᠭᠤᠯᠬᠤ ᠠᠵᠢᠯ ᠢ ᠥᠷᠨᠢᠭᠦᠯᠦᠨ᠎ᠡ᠂ ᠡᠭᠦᠨ ᠳᠤ ᠬᠡᠮᠵᠢᠭᠦᠷᠯᠢᠭ ᠲᠥᠬᠦᠭᠡᠷᠦᠮᠵᠢ᠂ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ᠂ ᠵᠥᠭᠡᠯᠡᠨ ᠲᠣᠨᠤᠭ ᠤᠨ ᠡᠳ᠋ ᠬᠥᠷᠥᠩᠭᠡ᠂ ᠲᠤᠭ᠎ᠠ ᠪᠠᠷᠢᠮᠲᠠ ᠶᠢᠨ ᠡᠬᠢ ᠪᠠᠶᠠᠯᠢᠭ ᠵᠡᠷᠭᠡ ᠪᠠᠭᠲᠠᠨ᠎ᠠ᠃ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠶᠢᠨ ᠬᠢᠨ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠲᠤᠰ ᠨᠢᠭᠡᠴᠡ ᠶᠢᠨ ᠢᠶᠠᠨ ᠲᠣᠮᠣ ᠬᠡᠯᠪᠡᠷᠢ ᠶᠢᠨ ᠲᠥᠬᠦᠭᠡᠷᠦᠮᠵᠢ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠬᠠᠩᠭᠠᠭᠰᠠᠨ ᠲᠠᠯ᠎ᠠ ᠳᠤ ᠵᠦᠢ ᠵᠣᠬᠢᠰᠲᠠᠢ ᠨᠥᠬᠦᠪᠥᠷᠢ ᠥᠭᠴᠦ ᠪᠣᠯᠤᠨ᠎ᠠ᠃    ᠭᠤᠴᠢᠨ ᠳᠣᠯᠣᠳᠤᠭᠠᠷ ᠵᠦᠢᠯ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠳᠤ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠲᠥᠰᠦᠪ ᠤᠨ ᠪᠡᠯᠡ ᠮᠥᠩᠭᠦ ᠶᠢ ᠡᠳ᠋ ᠬᠥᠷᠥᠩᠭᠡ ᠶᠢᠨ ᠪᠦᠬᠦ ᠬᠡᠯᠬᠢᠶᠡᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠵᠦ᠂ ᠡᠳ᠋ ᠬᠥᠷᠥᠩᠭᠡ ᠶᠢ ᠰᠠᠯᠠᠭ᠎ᠠ ᠮᠥᠴᠢᠷ ᠠᠯᠤᠰᠯᠠᠨ᠂ ᠳᠡᠰ ᠱᠠᠲᠤ ᠠᠯᠤᠰᠯᠠᠨ ᠬᠠᠮᠲᠤ ᠪᠠᠷ ᠡᠳ᠋ᠯᠡᠵᠦ ᠲᠣᠬᠢᠷᠠᠭᠤᠯᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ᠃    ᠳᠥᠷᠪᠡᠳᠦᠭᠡᠷ ᠪᠦᠯᠦᠭ ᠡᠳ᠋ ᠬᠥᠷᠥᠩᠭᠡ ᠶᠢᠨ ᠰᠢᠶ᠋ᠳᠪᠦᠷᠢᠯᠡᠯᠲᠡ    ᠭᠤᠴᠢᠨ ᠨᠠᠢᠮᠠᠳᠤᠭᠠᠷ ᠵᠦᠢᠯ ᠶᠠᠮᠠᠷᠪᠠ ᠰᠠᠯᠠᠭ᠎ᠠ ᠮᠥᠴᠢᠷ᠂ ᠨᠢᠭᠡᠴᠡ ᠵᠥᠪᠰᠢᠶᠡᠷᠡᠭᠦᠯᠦᠭᠡᠳᠦᠶ ᠪᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠥᠪᠡᠷ ᠲᠡᠭᠡᠨ ᠰᠢᠶ᠋ᠳᠪᠦᠷᠢᠯᠡᠵᠦ ᠪᠣᠯᠬᠤ ᠦᠭᠡᠶ᠃    ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠡᠭᠦᠷᠭᠡ ᠴᠢᠳᠠᠪᠤᠷᠢ ᠪᠠᠨ ᠭᠦᠢᠴᠡᠳᠬᠡᠭᠰᠡᠨ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠡᠳ᠋ ᠬᠥᠷᠥᠩᠭᠡ ᠶᠢ ᠬᠡᠷᠡᠭᠯᠡᠭᠰᠡᠨ ᠪᠠᠶᠢᠳᠠᠯ ᠢᠶᠠᠨ ᠦᠨᠳᠦᠰᠦᠯᠡᠨ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠭᠦᠢᠴᠡᠳᠭᠡᠬᠦ ᠪᠠᠷ ᠳᠠᠮᠵᠢᠭᠤᠯᠤᠨ᠂ ᠰᠢᠢᠳᠪᠦᠷᠢᠯᠡᠬᠦ ᠵᠦᠢᠯᠡᠰ ᠤᠨ ᠴᠣᠬᠤᠯᠠᠪᠤᠷᠢ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃    ᠭᠤᠴᠢ ᠶᠢᠰᠦᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠰᠢᠢᠳᠪᠦᠷᠢᠯᠡᠬᠦ ᠳᠤ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄    ︵ᠨᠢᠭᠡ︶ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ    ︵ᠬᠤᠶᠠᠷ︶ ᠡᠳ᠋ ᠬᠥᠷᠥᠩᠭᠡ ᠶᠢ ᠰᠢᠢᠳᠪᠦᠷᠢᠯᠡᠬᠦ ᠬᠢᠭᠡᠳ ᠡᠳ᠋ ᠬᠥᠷᠥᠩᠭᠡ ᠶᠢ ᠲᠣᠬᠢᠷᠠᠭᠤᠯᠬᠤ᠂ ᠬᠡᠷᠡᠭᠯᠡᠬᠦ ᠶᠢ ᠤᠶᠠᠯᠳᠤᠭᠤᠯᠬᠤ    ︵ᠭᠤᠷᠪᠠ︶ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠃    ᠳᠥᠴᠢᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠶ᠋ᠳᠪᠦᠷᠢᠯᠡᠬᠦ ᠠᠷᠭ᠎ᠠ ᠮᠠᠶ᠋ᠢᠭ ᠲᠤ ᠦᠨ᠎ᠡ ᠲᠥᠯᠥᠪᠦᠷᠢ ᠦᠭᠡᠶ ᠪᠠᠷ ᠬᠤᠪᠢᠶᠠᠷᠢᠯᠠᠨ ᠰᠢᠯᠵᠢᠭᠦᠯᠬᠦ᠂ ᠭᠠᠳᠠᠭᠰᠢ ᠬᠠᠨᠳᠢᠪᠯᠠᠨ ᠬᠦᠷᠭᠡᠬᠦ᠂ ᠰᠢᠯᠵᠢᠭᠦᠯᠦᠨ ᠥᠭᠬᠦ᠂ ᠰᠣᠯᠢᠬᠤ᠂ ᠬᠡᠷᠡᠭᠴᠡᠭᠡ ᠠᠴᠠ ᠭᠠᠷᠭᠠᠬᠤ᠂ ᠬᠤᠬᠢᠷᠠᠯ ᠮᠡᠳᠡᠭᠦᠯᠬᠦ ᠪᠠᠭᠲᠠᠨ᠎ᠠ᠃    ᠳᠥᠴᠢᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠳᠣᠤᠷᠠᠬᠢ ᠮᠡᠲᠦ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠡᠷᠡᠭᠯᠡᠭᠡᠨ ᠠᠴᠠ ᠭᠠᠷᠭᠠᠵᠤ᠂ ᠬᠤᠬᠢᠷᠠᠭᠤᠯᠵᠤ ᠮᠡᠳᠡᠭᠦᠯᠬᠦ ᠬᠡᠷᠡᠭᠲᠡᠶ᠄    ︵ᠨᠢᠭᠡ︶ ᠮᠡᠷᠭᠡᠵᠢᠯ ᠤᠨ ᠰᠢᠯᠲᠠᠭᠠᠨ ᠠᠴᠠ ᠪᠣᠯᠵᠤ ᠦᠨᠡᠬᠡᠷ ᠰᠢᠭᠰᠢᠭᠳᠡᠭᠦᠯᠬᠦ ᠴᠢᠬᠤᠯᠠᠲᠠᠶ ᠪᠤᠶᠤ ᠰᠡᠯᠪᠢᠨ ᠵᠠᠰᠠᠬᠤ ᠶᠢᠨ ᠠᠷᠭ᠎ᠠ ᠦᠭᠡᠶ ᠡᠳ᠋ ᠬᠥᠷᠥᠩᠭᠡ    ︵ᠬᠤᠶᠠᠷ︶ ᠪᠦᠷᠢᠳᠭᠡᠯ ᠤᠨ ᠠᠯᠳᠠᠭᠳᠠᠯ᠂ ᠮᠠᠭᠤ ᠲᠠᠩᠰᠠ ᠵᠢᠴᠢ ᠬᠡᠪ ᠤᠨ ᠪᠣᠰᠤ ᠬᠤᠬᠢᠷᠠᠯ ᠳᠤ ᠬᠤᠯᠪᠤᠭᠳᠠᠭᠰᠠᠨ ᠡᠳ᠋ ᠬᠥᠷᠥᠩᠭᠡ    ︵ᠭᠤᠷᠪᠠ︶ ᠬᠡᠷᠡᠭᠯᠡᠬᠦ ᠵᠢᠯ ᠤᠨ ᠬᠢᠵᠠᠭᠠᠷᠯᠠᠯ ᠠᠴᠠ ᠬᠡᠲᠦᠷᠡᠭᠰᠡᠨ ᠪᠥᠭᠡᠳ ᠣᠲᠣ ᠶᠢᠨ ᠠᠵᠢᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠡᠳ᠋ ᠬᠥᠷᠥᠩᠭᠡ     ︵ᠲᠦᠷᠪᠡ︶  ᠪᠠᠶᠢᠭᠠᠯᠢ ᠶᠢᠨ ᠭᠠᠮᠰᠢᠭ ᠵᠡᠷᠭᠡ ᠬᠤᠷᠢᠭᠯᠠᠵᠤ ᠴᠢᠳᠠᠰᠢ ᠦᠭᠡᠢ ᠬᠦᠴᠦᠨ ᠠᠴᠠ ᠪᠣᠯᠵᠤ ᠡᠪᠳᠡᠭᠰᠡᠨ᠂ ᠭᠡᠭᠡᠭᠳᠡᠭᠰᠡᠨ ᠡᠳ᠋ ᠬᠥᠷᠥᠩᠭᠡ    ᠳᠥᠴᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠶᠢ ᠰᠠᠯᠭᠠᠵᠤ ᠪᠠᠶᠢᠭᠤᠯᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠨᠢ ᠬᠤᠪᠢᠷᠠᠭᠤᠯᠬᠤ ᠪᠤᠶᠤ ᠬᠡᠰᠡᠭ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠢ ᠨᠢ ᠲᠣᠬᠢᠷᠠᠭᠤᠯᠬᠤ ᠵᠡᠷᠭᠡ ᠪᠠᠶᠢᠳᠠᠯ ᠭᠠᠷᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ᠂ ᠲᠤᠰᠢᠶᠠᠬᠤ ᠪᠠ ᠬᠦᠯᠢᠶᠡᠨ ᠠᠪᠬᠤ ᠭᠠᠷᠳᠠᠮ ᠢ ᠭᠦᠢᠴᠡᠳᠬᠡᠬᠦ ᠬᠡᠷᠡᠭᠲᠡᠶ᠃    ᠳᠥᠴᠢᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠶᠢᠨ ᠬᠤᠭᠤᠷᠣᠨᠳᠣ ᠦᠨ᠎ᠡ ᠲᠥᠯᠥᠪᠦᠷᠢ ᠦᠭᠡᠶ ᠪᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠳᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠬᠢᠨᠠᠨ ᠵᠥᠪᠰᠢᠶᠡᠷᠡᠬᠦ ᠬᠡᠷᠡᠭᠲᠡᠶ᠃    ᠳᠥᠴᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠢ᠂ ᠪᠠᠯᠭᠠᠰᠤ ᠰᠢᠶᠠᠩ ᠵᠡᠭᠡᠯᠢ ᠪᠠᠷ ᠭᠠᠳᠠᠭᠰᠢ ᠪᠡᠯᠡᠭᠯᠡᠨ ᠬᠦᠷᠭᠡᠬᠦ᠂ ᠰᠢᠯᠵᠢᠭᠦᠯᠦᠨ ᠥᠭᠬᠦ᠂ ᠰᠣᠯᠢᠬᠤ᠂ ᠬᠠᠶᠠᠬᠤ᠂ ᠬᠤᠬᠢᠷᠠᠯ ᠢᠶᠠᠨ ᠮᠡᠳᠡᠭᠦᠯᠬᠦ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠳᠣᠤᠷᠠᠬᠢ ᠡᠷᠬᠡ ᠮᠡᠳᠡᠯ ᠢᠶᠠᠷ ᠬᠢᠨᠠᠨ ᠵᠥᠪᠰᠢᠶᠡᠷᠡᠨ᠎ᠡ᠄    ︵ᠨᠢᠭᠡ᠂ ᠡᠯ᠎ᠡ ᠰᠠᠯᠠᠭ᠎ᠠ ᠮᠥᠴᠢᠷ᠂ ᠨᠢᠭᠡᠴᠢ᠂ ᠪᠠᠯᠭᠠᠰᠤ ᠰᠢᠶᠠᠩ ᠵᠡᠭᠡᠯᠢ ᠨᠢ 10 ᠮᠦ ︵10 ᠮᠦ ᠶᠢ ᠪᠠᠭᠲᠠᠭᠠᠨ᠎ᠠ︶ ᠠᠴᠠ ᠳᠡᠭᠡᠭᠰᠢᠬᠢ ᠭᠠᠵᠠᠷ ᠰᠢᠷᠣᠢ᠂ ᠭᠠᠭᠴᠠ ᠵᠦᠢᠯ ᠤᠨ ᠳᠠᠩᠰᠠᠨ ᠳᠡᠭᠡᠷᠡᠬᠢ ᠤᠤᠯ ᠥᠷᠲᠡᠭ ᠨᠢ 100 ᠲᠦᠮᠡᠨ ᠲᠥᠭᠦᠷᠢᠭ ︵100 ᠲᠦᠮᠡᠨ ᠲᠥᠭᠦᠷᠢᠭ ᠢ ᠪᠠᠭᠲᠠᠭᠠᠨ᠎ᠠ︶ ᠠᠴᠠ ᠳᠡᠭᠡᠭᠰᠢᠬᠢ ᠭᠡᠷ ᠪᠠᠶᠢᠰᠢᠩ ᠤᠨ ᠪᠠᠷᠢᠯᠭ᠎ᠠ ᠵᠢᠴᠢ ᠳᠠᠩᠰᠠᠨ ᠳᠡᠭᠡᠷᠡᠬᠢ ᠴᠡᠪᠡᠷ ᠥᠷᠲᠡᠭ ᠨᠢ 100 ᠲᠦᠮᠡᠨ ᠲᠥᠭᠦᠷᠢᠭ ︵100 ᠲᠦᠮᠡᠨ ᠲᠥᠭᠦᠷᠢᠭ ᠢ ᠪᠠᠭᠲᠠᠭᠠᠨ᠎ᠠ︶ ᠠᠴᠠ ᠳᠡᠭᠡᠭᠰᠢᠬᠢ ᠳᠠᠩ ᠲᠠᠪᠴᠠᠩ ︵ᠢᠵᠢ︶︶ ᠲᠣᠨᠤᠭ ᠲᠥᠬᠦᠭᠡᠷᠦᠮᠵᠢ ᠶᠢ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠤᠶᠤ ᠪᠠᠶᠢᠩᠭᠤ ᠶᠢᠨ ᠬᠤᠷᠠᠯ ᠢᠶᠠᠷ ᠵᠥᠪᠰᠢᠶᠡᠷᠡᠭᠦᠯᠦᠨ᠎ᠡ᠃ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠠᠯᠪᠠᠨ ᠪᠠᠶᠢᠭᠤᠯᠭ᠎ᠠ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠭᠡᠷ ᠪᠠᠶᠢᠰᠢᠩ ᠤᠨ ᠪᠠᠷᠢᠯᠭ᠎ᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠭᠰᠠᠨ ᠤ ᠳᠠᠷᠠᠭ᠎ᠠ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠮᠡᠳᠡᠭᠦᠯᠦᠨ ᠬᠢᠨᠠᠨ ᠬᠠᠷᠭᠤᠭᠤᠯᠵᠤ᠂ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠤᠶᠤ ᠪᠠᠶᠢᠩᠭᠤ ᠶᠢᠨ ᠬᠤᠷᠠᠯ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠠᠯᠪᠠᠨ ᠪᠠᠶᠢᠭᠤᠯᠭ᠎ᠠ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠭᠡᠷ ᠪᠠᠶᠢᠰᠢᠩ ᠤᠨ ᠪᠠᠷᠢᠯᠭ᠎ᠠ ᠶᠢᠨ ᠪᠣᠳᠠᠰ ᠠᠴᠠ ᠭᠠᠳᠠᠨᠠᠬᠢ ᠪᠤᠰᠤᠳ ᠡᠳ᠋ ᠬᠥᠷᠥᠩᠭᠡ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠭᠰᠠᠨ ᠤ ᠳᠠᠷᠠᠭ᠎ᠠ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠬᠢᠨᠠᠨ ᠬᠠᠷᠭᠤᠭᠤᠯᠤᠨ᠎ᠠ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠬᠤᠷᠢᠶᠠᠩᠭᠤᠶᠢᠯᠠᠭᠰᠠᠨ ᠤ ᠳᠠᠷᠠᠭ᠎ᠠ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠤᠶᠤ ᠪᠠᠶᠢᠩᠭᠤ ᠶᠢᠨ ᠬᠤᠷᠠᠯ ᠳᠤ ᠮᠡᠳᠡᠭᠦᠯᠵᠦ ᠵᠥᠪᠰᠢᠶᠡᠷᠡᠭᠦᠯᠦᠨ᠎ᠡ᠃  ︵ᠬᠤᠶᠠᠷ︶ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ 10 ᠮᠦ ᠠᠴᠠ ᠳᠣᠷᠣᠭᠰᠢᠬᠢ ᠭᠠᠵᠠᠷ ᠰᠢᠷᠣᠶ᠂ ᠲᠠᠩ ᠵᠦᠢᠯ ᠤᠨ ᠡᠳ᠋ ᠬᠥᠷᠥᠩᠭᠡ ᠶᠢᠨ ᠲᠠᠩᠰᠠ ᠶᠢᠨ ᠤᠤᠯ ᠥᠷᠲᠡᠭ ᠨᠢ 100 ᠲᠦᠮᠡᠨ ᠲᠥᠭᠦᠷᠢᠭ ᠠᠴᠠ ᠳᠣᠷᠣᠭᠰᠢᠬᠢ ᠬᠡᠷ ᠪᠠᠶᠢᠰᠢᠩ ᠤᠨ ᠪᠠᠷᠢᠯᠭ᠎ᠠ ᠵᠡᠷᠭᠡ ᠴᠢᠬᠤᠯᠠ ᠡᠳ᠋ ᠬᠥᠷᠥᠩᠭᠡ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠭᠰᠠᠨ ᠤ ᠳᠠᠷᠠᠭ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠪᠤᠶᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ ᠬᠢᠨᠠᠨ ᠬᠠᠷᠭᠤᠭᠤᠯᠤᠭᠰᠠᠨ ᠰᠠᠨᠠᠯ ᠭᠠᠷᠭᠠᠵᠤ᠂ ᠬᠢᠨᠠᠨ ᠬᠠᠷᠭᠤᠭᠤᠯᠤᠭᠰᠠᠨ ᠰᠠᠨᠠᠯ ᠢᠶᠠᠨ ᠦᠨᠳᠦᠰᠦᠯᠡᠨ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠ ᠡᠳ᠋ ᠤᠨ ᠵᠠᠰᠠᠭ ᠤᠨ ᠤᠳᠤᠷᠢᠳᠤᠯᠭ᠎ᠠ ᠶᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠳᠤ ᠮᠡᠳᠡᠭᠦᠯᠬᠦ ᠬᠡᠷᠡᠭᠲᠡᠶ᠃    ︵ᠭᠤᠷᠪᠠ︶ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠠᠯᠪᠠᠨ ᠪᠠᠶᠢᠭᠤᠯᠭ᠎ᠠ ᠳᠤ ᠣᠷᠣᠯᠴᠠᠬᠤ ᠨᠢᠭᠡᠴᠡ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠬᠢᠨᠠᠨ ᠵᠥᠪᠰᠢᠶᠡᠷᠡᠵᠦ᠂ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠠᠭᠤᠯᠤᠨ ᠬᠦᠷᠭᠡᠨ᠎ᠡ᠃    ︵ᠳᠥᠷᠪᠡ︶ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠭᠠᠵᠠᠷ ᠰᠢᠷᠣᠢ᠂ ᠭᠡᠷ ᠪᠠᠶᠢᠰᠢᠩ ᠤᠨ ᠪᠠᠷᠢᠯᠭ᠎ᠠ᠂ ᠮᠠᠰᠢᠨ ᠲᠡᠷᠭᠡ ᠠᠴᠠ ᠪᠤᠰᠤᠳ ᠡᠳ᠋ ᠬᠥᠷᠥᠩᠭᠡ ᠶᠢᠨ ᠳᠠᠩᠰᠠᠨ ᠳᠡᠭᠡᠷᠡᠬᠢ ᠤᠤᠯ ᠥᠷᠲᠡᠭ ᠨᠢ 20 ᠲᠦᠮᠡᠨ ᠲᠥᠭᠦᠷᠢᠭ ︵20 ᠲᠦᠮᠡᠨ ᠲᠥᠭᠦᠷᠢᠭ ᠪᠠᠭᠲᠠᠨ᠎ᠠ︶︶ ᠠᠷᠠᠳ ᠤᠨ ᠵᠣᠭᠤᠰ ᠠᠴᠠ ᠳᠣᠷᠣᠭᠰᠢᠬᠢ ᠪᠤᠰᠤᠳ ᠡᠳ᠋ ᠬᠥᠷᠥᠩᠭᠡ ᠶᠢ ᠰᠢᠢᠤᠡᠪᠤᠷᠢᠯᠡᠬᠦ ᠶᠢᠨ ᠬᠢᠨᠠᠨ ᠵᠥᠪᠰᠢᠶᠡᠷᠡᠯ ᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃    ︵ᠲᠠᠪᠤ︶ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠡᠭᠡᠷ᠎ᠡ ᠳᠤᠷᠠᠳᠤᠭᠰᠠᠨ ᠬᠢᠨᠠᠨ ᠵᠥᠪᠰᠢᠶᠡᠷᠡᠬᠦ ᠡᠷᠬᠡ ᠮᠡᠳᠡᠯ ᠠᠴᠠ ᠭᠠᠳᠠᠨᠠᠬᠢ ᠡᠳ᠋ ᠬᠥᠷᠥᠩᠭᠡ ᠶᠢ ᠰᠢᠶ᠋ᠳᠪᠦᠷᠢᠯᠡᠵᠦ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃    ︵ᠵᠢᠷᠭᠤᠭ᠎ᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠲᠠᠲᠠᠪᠤᠷᠢᠯᠠᠬᠤ ᠪᠠ ᠨᠤᠷᠠᠭᠠᠬᠤ ᠳᠤ ᠬᠤᠯᠪᠣᠭᠳᠠᠭᠰᠠᠨ ᠪᠠᠶᠢᠪᠠᠯ᠂ ᠳᠡᠭᠡᠷ᠎ᠡ ᠳᠤᠷᠠᠳᠤᠭᠰᠠᠨ ᠲᠣᠭᠲᠠᠭᠠᠭᠰᠠᠨ ᠡᠷᠬᠡ ᠮᠡᠳᠡᠯ ᠢᠶᠠᠷ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠭᠰᠡᠨ ᠤ ᠳᠠᠷᠠᠭ᠎ᠠ᠂ ᠲᠠᠲᠠᠪᠤᠷᠢᠯᠠᠬᠤ ᠠᠷᠭ᠎ᠠ ᠵᠢᠴᠢ ᠲᠠᠲᠠᠪᠤᠷᠢᠯᠠᠬᠤ ᠪᠢᠴᠢᠭ ᠮᠠᠲ᠋ᠧᠷᠢᠶᠠᠯ᠂ ᠨᠤᠷᠠᠭᠠᠬᠤ ᠴᠣᠬᠤᠯᠠᠪᠤᠷᠢ ᠪᠤᠶᠤ ᠪᠦᠲᠦᠭᠡᠨ ᠪᠠᠶᠢᠭᠤᠯᠬᠤ ᠲᠥᠷᠥᠯ ᠵᠦᠢᠯ ᠤᠨ ᠨᠤᠷᠠᠭᠠᠵᠤ ᠪᠠᠶᠢᠭᠤᠯᠬᠤ ᠵᠦᠢᠯ ᠤᠨ ᠪᠢᠴᠢᠭ ᠮᠠᠲ᠋ᠧᠷᠢᠶᠠᠯ ᠶᠣᠰᠣᠭᠠᠷ ᠭᠦᠢᠴᠡᠳᠬᠡᠬᠦ ᠬᠡᠷᠡᠭᠲᠡᠶ᠃    ︵ᠳᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃    ᠳᠥᠴᠢᠨ ᠲᠠᠪᠤᠳᠤᠭᠠᠷ ᠵᠦᠢᠯ ᠵᠥᠪᠰᠢᠶᠡᠷᠡᠯ ᠢᠶᠠᠷ ᠳᠠᠮᠵᠢᠨ ᠴᠢᠬᠤᠯᠠ ᠶᠡᠭᠡ ᠬᠤᠷᠠᠯ ᠬᠤᠷᠠᠯᠳᠤᠭᠤᠯᠬᠤ᠂ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠬᠦ᠂ ᠬᠦᠨᠳᠦ ᠶᠡᠭᠡ ᠭᠠᠮᠰᠢᠭ ᠵᠢᠴᠢ ᠬᠢᠵᠢᠭ ᠤᠨ ᠪᠠᠶᠢᠳᠠᠯ ᠵᠡᠷᠭᠡ ᠲᠦᠷ ᠴᠠᠭ ᠬᠤᠳᠠᠯᠳᠤᠨ ᠠᠪᠤᠭᠰᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠭᠤᠣᠯᠯᠠᠨ ᠡᠷᠬᠢᠯᠡᠭᠰᠡᠨ ᠨᠢᠭᠡᠴᠢ ᠠᠴᠠ ᠬᠤᠷᠠᠯ᠂ ᠠᠵᠢᠯᠯᠠᠭ᠎ᠠ᠂ ᠭᠠᠮᠰᠢᠭ ᠠᠴᠠ ᠠᠪᠤᠷᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠠᠭᠤᠰᠤᠭᠰᠠᠨ ᠤ ᠳᠠᠷᠠᠭ᠎ᠠ ᠰᠢᠨ᠎ᠡ ᠪᠠᠷ ᠨᠡᠮᠡᠭᠳᠡᠭᠰᠡᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠰᠢᠶᠠᠨ ᠤ ᠡᠳ᠋ ᠤᠨ ᠵᠠᠰᠠᠭ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ ᠲᠡᠮᠳᠡᠭᠯᠡᠭᠦᠯᠦᠨ᠎ᠡ᠃ ᠰᠢᠶ᠋ᠳᠪᠦᠷᠢᠯᠡᠬᠦ ᠴᠢᠬᠤᠯᠠᠲᠠᠶ ᠪᠣᠯ᠂ ᠲᠤᠰ ᠰᠠᠨᠠᠯ ᠤᠨ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ ᠰᠢᠶ᠋ᠳᠪᠦᠷᠢᠯᠡᠬᠦ ᠬᠡᠷᠡᠭᠲᠡᠶ᠃ ᠭᠤᠤᠯ ᠡᠷᠬᠢᠯᠡᠨ ᠭᠦᠢᠴᠡᠳᠬᠡᠬᠦ ᠨᠢᠭᠡᠴᠡ ᠨᠢ ᠳᠤᠷ᠎ᠠ ᠪᠠᠷ ᠢᠶᠠᠨ ᠡᠵᠡᠮᠰᠢᠬᠦ ᠪᠤᠶᠤ ᠰᠢᠶ᠋ᠳᠪᠦᠷᠢᠯᠡᠵᠦ ᠪᠣᠯᠬᠤ ᠦᠭᠡᠶ᠂ ᠡᠭᠦᠨ ᠤ ᠬᠠᠮᠲᠤ ᠡᠳ᠋ ᠬᠥᠷᠥᠩᠭᠡ ᠶᠢᠨ ᠠᠮᠤᠷ ᠲᠦᠪᠰᠢᠨ ᠤ ᠪᠦᠷᠢᠨ ᠪᠦᠲᠦᠨ ᠪᠠᠶᠢᠬᠤ ᠶᠢ ᠬᠠᠷᠢᠭᠤᠴᠠᠬᠤ ᠬᠡᠷᠡᠭᠲᠡᠶ᠃    ᠲᠠᠪᠤᠳᠤᠭᠠᠷ ᠪᠦᠯᠦᠭ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ    ᠳᠥᠴᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠪᠣᠯ ᠤᠯᠤᠰ ᠲᠤ ᠥᠮᠴᠢᠯᠡᠭᠳᠡᠵᠦ᠂ ᠨᠢᠭᠡᠴᠡ ᠨᠢ ᠬᠠᠤᠯᠢ ᠶᠣᠰᠣᠭᠠᠷ ᠡᠵᠡᠯᠡᠬᠦ᠂ ᠬᠡᠷᠡᠭᠯᠡᠬᠦ ᠡᠷᠬᠡ ᠲᠠᠢ ᠪᠣᠯ ᠡᠷᠬᠡᠪᠰᠢ ᠲᠣᠭᠲᠠᠭᠠᠭᠰᠠᠨ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠳᠡᠰ ᠳᠠᠷᠠᠭᠠᠯᠠᠯ ᠤᠨ ᠶᠣᠰᠣᠭᠠᠷ ᠲᠦᠷᠢᠶᠡᠰᠦᠯᠡᠵᠦ᠂ ᠵᠢᠭᠡᠯᠡᠭᠦᠯᠵᠦ ᠲᠠᠯᠪᠢᠬᠤ ᠬᠡᠷᠡᠭᠲᠡᠶ᠃    ᠳᠥᠴᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠳᠤ ᠳᠣᠤᠷᠠᠬᠢ ᠵᠠᠷᠴᠢᠮ ᠢ ᠵᠢᠷᠤᠮᠯᠠᠬᠤ ᠬᠡᠷᠡᠭᠲᠡᠶ᠄    ︵ᠨᠢᠭᠡ︶ ᠡᠷᠬᠡ ᠮᠡᠳᠡᠯ ᠤᠨ ᠵᠠᠬᠢᠷᠭ᠎ᠠ ᠲᠣᠳᠣᠷᠬᠠᠢ᠂ ᠠᠮᠤᠷ ᠲᠦᠪᠰᠢᠨ ᠪᠦᠷᠢᠨ ᠪᠦᠲᠦᠨ ᠪᠠᠶᠢᠬᠤ     ︵ᠬᠤᠶᠠᠷ︶ ᠢᠯᠡ᠂ ᠡᠷᠬᠡ ᠲᠡᠭᠰᠢ᠂ ᠲᠥᠪ ᠭᠤᠣᠯᠴᠢ     ︵ᠭᠤᠷᠪᠠ︶ ᠠᠶᠤᠯ ᠲᠦᠭᠰᠢᠭᠦᠷᠢ ᠶᠢ ᠬᠢᠵᠠᠭᠠᠷᠯᠠᠵᠤ᠂ ᠠᠮᠵᠢᠯᠲᠠ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ     ᠳᠥᠴᠢᠨ ᠨᠠᠢᠮᠠᠳᠤᠭᠠᠷ ᠵᠦᠢᠯ ᠲᠦᠷᠢᠶᠡᠰᠦᠯᠡᠭᠦᠯᠬᠦ᠂ ᠵᠢᠭᠡᠯᠡᠭᠦᠯᠬᠦ ᠴᠢᠬᠤᠯᠠ ᠲᠠᠢ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠨᠢ ᠲᠣᠳᠣᠷᠬᠠᠶ᠂ ᠡᠷᠬᠡ ᠶᠢᠨ ᠬᠠᠷᠢᠶ᠎ᠠ ᠨᠢ ᠲᠣᠳᠣᠷᠬᠠᠶ ᠪᠠᠶᠢᠬᠤ ᠬᠡᠷᠡᠭᠲᠡᠶ᠃ ᠡᠷᠬᠡ ᠶᠢᠨ ᠬᠠᠷᠢᠶ᠎ᠠ ᠶᠢᠨ ᠬᠠᠷᠢᠴᠠᠭ᠎ᠠ ᠨᠢ ᠲᠣᠳᠣᠷᠬᠠᠶ ᠦᠭᠡᠶ ᠪᠤᠶᠤ ᠡᠷᠬᠡ ᠶᠢᠨ ᠬᠠᠷᠢᠶ᠎ᠠ ᠶᠢᠨ ᠵᠢᠭᠤᠷᠠᠯᠳᠤᠭᠠᠨ ᠲᠠᠢ ᠡᠳ᠋ ᠬᠥᠷᠥᠩᠭᠡ ᠶᠢᠨ ᠡᠷᠬᠡ ᠶᠢᠨ ᠬᠠᠷᠢᠶ᠎ᠠ ᠶᠢ ᠵᠠᠭᠠᠭᠯᠠᠨ ᠲᠣᠭᠲᠠᠭᠠᠭᠠᠳ ᠲᠣᠳᠣᠷᠬᠠᠶ ᠪᠣᠯᠤᠭᠰᠠᠨ ᠤ ᠳᠠᠷᠠᠭ᠎ᠠ ᠲᠦᠷᠢᠶᠡᠰᠦᠯᠡᠭᠦᠯᠵᠦ᠂ ᠵᠢᠭᠡᠯᠡᠭᠦᠯᠬᠦ ᠬᠡᠷᠡᠭᠲᠡᠶ᠃    ᠳᠥᠴᠢ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠡᠳ᠋ ᠬᠥᠷᠥᠩᠭᠡ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢ ᠰᠢᠶ᠋ᠳᠪᠦᠷᠢᠯᠡᠬᠦ ᠵᠢᠴᠢ ᠲᠦᠷᠢᠶᠡᠰᠦᠯᠡᠭᠦᠯᠬᠦ᠂ ᠵᠢᠭᠡᠯᠡᠭᠦᠯᠬᠦ ᠴᠤᠪᠤᠷᠠᠯ ᠢ ᠲᠡᠭᠦᠯᠳᠡᠷᠵᠢᠭᠦᠯᠵᠦ᠂ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃    ᠲᠠᠪᠢᠳᠤᠭᠠᠷ ᠵᠦᠢᠯ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠭᠠᠳᠠᠭᠰᠢ ᠲᠦᠷᠢᠶᠡᠰᠦᠯᠡᠭᠦᠯᠵᠦ᠂ ᠵᠢᠭᠡᠯᠡᠭᠦᠯᠵᠦ᠂ ᠳᠣᠤᠷᠠᠬᠢ ᠮᠡᠲᠦ ᠡᠷᠬᠡ ᠮᠡᠳᠡᠯ ᠢᠶᠠᠷ ᠬᠢᠨᠠᠨ ᠵᠥᠪᠰᠢᠶᠡᠷᠡᠨ᠎ᠡ᠄    ︵ᠨᠢᠭᠡ︶ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠲᠦᠷᠢᠶᠡᠰᠦᠯᠡᠬᠦ᠂ ᠵᠢᠭᠡᠯᠡᠭᠦᠯᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃    ︵ᠬᠤᠶᠠᠷ︶ ᠵᠠᠷᠴᠢᠮ ᠳᠡᠭᠡᠷ᠎ᠡ ᠪᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠬᠤᠭᠤᠴᠠᠭ᠎ᠠ ᠬᠢᠵᠠᠭᠠᠷ ᠢ 5 ᠵᠢᠯ ᠠᠴᠠ ᠬᠡᠲᠦᠷᠡᠭᠦᠯᠵᠦ ᠪᠣᠯᠬᠤ ᠦᠭᠡᠶ᠃  ︵ᠭᠤᠷᠪᠠ︶ ᠬᠠᠤᠯᠢ ᠴᠠᠭᠠᠵᠠ ᠵᠠᠰᠠᠭ ᠵᠠᠬᠢᠷᠭᠠᠨ ᠤ ᠬᠠᠤᠯᠢ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃    ᠵᠢᠷᠭᠤᠳᠤᠭᠠᠷ ᠪᠦᠯᠦᠭ ᠡᠳ᠋ ᠬᠥᠷᠥᠩᠭᠡ ᠶᠢ ᠦᠨᠡᠯᠡᠨ ᠵᠢᠱᠢᠬᠦ ᠪᠠ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ    ᠲᠠᠪᠢᠨ ᠨᠢᠭᠡᠳᠦᠭᠡᠷ ᠵᠦᠢᠯ ᠡᠯ᠎ᠡ ᠰᠠᠯᠠᠭ᠎ᠠ ᠮᠦᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠤᠯᠤᠰ ᠤᠨ ᠦᠮᠴᠢᠯᠡᠯᠲᠦ ᠡᠳ᠋ ᠬᠦᠷᠦᠩᠭᠡ ᠳᠤ ᠦᠨᠡᠯᠡᠨ ᠵᠢᠱᠢᠯᠲᠡ ᠬᠢᠬᠦ ᠬᠡᠷᠡᠭᠲᠡᠢ᠄    ︵ᠨᠢᠭᠡ︶ ᠰᠢᠯᠵᠢᠭᠦᠯᠦᠨ ᠥᠭᠬᠦ᠂ ᠦᠨ᠎ᠡ ᠬᠠᠶᠠᠨ ᠬᠤᠳᠠᠯᠳᠤᠬᠤ᠂ ᠰᠣᠯᠢᠬᠤ᠂ ᠭᠠᠳᠠᠭᠠᠳᠤ ᠳᠤ ᠬᠥᠷᠥᠩᠭᠡ ᠤᠷᠤᠭᠤᠯᠬᠤ ᠵᠡᠷᠭᠡ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠢᠯᠵᠢᠭᠦᠯᠦᠨ ᠥᠭᠬᠦ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ︔    ︵ᠬᠤᠶᠠᠷ︶ ᠠᠵᠢᠯ ᠦᠢᠯᠡᠰ ᠤᠨ ᠨᠢᠭᠡᠴᠡ ᠨᠢ ᠪᠦᠬᠦᠯᠢ ᠴᠣᠭᠴᠠ ᠪᠤᠶᠤ ᠬᠡᠰᠡᠭ ᠪᠠᠶᠢᠭᠤᠯᠤᠯ ᠤᠨ ᠥᠭᠡᠷᠡᠴᠢᠯᠡᠯᠲᠡ ᠬᠢᠬᠦ ᠳᠤ ᠬᠤᠯᠪᠣᠭᠳᠠᠭᠰᠠᠨ᠂ ᠡᠰᠡᠬᠦᠯ᠎ᠡ ᠵᠣᠭᠤᠰ ᠤᠨ ᠴᠢᠨᠠᠷᠲᠠᠶ ᠪᠤᠰᠤ ᠡᠳ᠋ ᠬᠥᠷᠥᠩᠭᠡ ᠶᠢᠨ ᠭᠠᠳᠠᠭᠠᠳᠤ ᠳᠤ ᠪᠡᠯᠡ ᠣᠷᠣᠭᠤᠯᠤᠭᠰᠠᠨ    ︵ᠭᠤᠷᠪᠠ︶ ᠠᠵᠢᠯ ᠦᠢᠯᠡᠰ ᠤᠨ ᠨᠢᠭᠡᠴᠢ ᠶᠢ ᠨᠡᠶᠢᠯᠡᠭᠦᠯᠦᠭᠰᠡᠨ᠂ ᠲᠤᠰᠠᠭᠠᠷᠯᠠᠭᠰᠠᠨ᠂ ᠢᠯᠭᠠᠷᠠᠭᠤᠯᠤᠨ ᠪᠤᠳᠤᠭᠰᠠᠨ᠃    ︵ᠲᠦᠷᠪᠡ︶ ᠠᠵᠢᠯ ᠦᠢᠯᠡᠰ ᠤᠨ ᠨᠢᠭᠡᠴᠡ ᠪᠤᠶᠤ ᠬᠡᠰᠡᠭ ᠡᠳ᠋ ᠬᠥᠷᠥᠩᠭᠡ ᠪᠠᠷ ᠢᠶᠠᠨ ᠤᠯᠤᠰ ᠤᠨ ᠥᠮᠴᠢᠯᠡᠯ ᠤᠨ ᠪᠤᠰᠤ ᠨᠢᠭᠡᠴᠡ ᠳᠤ ᠲᠦᠷᠢᠶᠡᠰᠦᠯᠡᠭᠰᠡᠨ    ︵ᠲᠠᠪᠤ︶ ᠵᠠᠷᠭᠤ ᠶᠢᠨ ᠡᠳ᠋ ᠬᠥᠷᠥᠩᠭᠡ ᠶᠢᠨ ᠥᠷᠲᠡᠭ ᠢ ᠲᠣᠭᠲᠠᠭᠠᠭᠰᠠᠨ ᠪᠠᠶᠢᠪᠠᠯ᠃    ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠶ ᠪᠤᠰᠤᠳ ᠪᠠᠶᠢᠳᠠᠯ᠃    ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠬᠦ ᠳᠤ ᠡᠳ᠋ ᠬᠥᠷᠥᠩᠭᠡ ᠶᠢ ᠦᠨᠡᠯᠡᠨ ᠵᠢᠱᠢᠬᠦ ᠬᠢᠷᠢ ᠭᠡᠮ ᠲᠠᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠬᠦ ᠬᠡᠷᠡᠭᠲᠡᠶ᠃    ᠲᠠᠪᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠪᠡᠶ᠎ᠡ ᠪᠠᠨ ᠳᠠᠭᠠᠭᠠᠭᠰᠠᠨ᠂ ᠪᠤᠰᠤᠳᠴᠢ᠂ ᠲᠥᠪ ᠭᠤᠤᠯᠴᠢ ᠪᠠᠶᠢᠬᠤ ᠵᠠᠷᠴᠢᠮ ᠤᠨ ᠶᠣᠰᠣᠭᠠᠷ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠠᠤᠯᠢ ᠶᠣᠰᠣᠭᠠᠷ ᠦᠨᠡᠯᠡᠨ ᠵᠢᠱᠢᠯᠲᠡ ᠬᠢᠬᠦ ᠬᠡᠷᠡᠭᠲᠡᠶ᠃    ᠲᠠᠪᠢᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠨᠢᠭᠲᠠᠯᠠᠨ ᠪᠣᠳᠣᠵᠤ ᠳᠠᠩᠰᠠᠨ ᠳᠤ ᠣᠷᠣᠭᠤᠯᠬᠤ ᠶᠢᠨ ᠠᠷᠭ᠎ᠠ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠣᠯ᠂ ᠬᠡᠷᠡᠭᠴᠡᠭᠡ ᠪᠠᠨ ᠦᠨᠳᠦᠰᠦᠯᠡᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠡᠳ᠋ ᠬᠥᠷᠥᠩᠭᠡ ᠶᠢ ᠦᠨᠡᠯᠡᠨ ᠵᠢᠱᠢᠬᠦ ᠠᠷᠭ᠎ᠠ ᠪᠠᠷ ᠯᠠᠪᠯᠠᠯᠲᠠ ᠪᠣᠯᠭᠠᠨ ᠦᠨᠡᠯᠡᠨ ᠵᠢᠱᠢᠬᠦ ᠶᠢᠨ ᠬᠠᠮᠲᠤ ᠡᠳ᠋ ᠬᠥᠷᠥᠩᠭᠡ ᠶᠢᠨ ᠪᠠᠶᠢᠳᠠᠯ ᠢ ᠲᠤᠰᠬᠠᠬᠤ ᠦᠨᠳᠦᠰᠦᠯᠡᠯ ᠪᠣᠯᠭᠠᠵᠤ ᠪᠣᠯᠤᠨ᠎ᠠ᠃    ᠲᠠᠪᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠨᠡᠯᠡᠨ ᠵᠢᠱᠢᠬᠦ ᠲᠥᠷᠥᠯ ᠵᠦᠢᠯ ᠳᠤ ᠬᠢᠨᠠᠨ ᠵᠥᠪᠰᠢᠶᠡᠷᠡᠬᠦ ᠳᠦᠷᠢᠮ ᠪᠣᠯᠤᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠬᠦ ᠳᠦᠷᠢᠮ ᠪᠣᠯᠤᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ ᠪᠠᠶᠢᠭ᠎ᠠ ᠲᠥᠷᠥᠯ ᠵᠦᠢᠯ ᠤᠨ ᠬᠡᠪᠴᠢᠶ᠎ᠡ ᠵᠡᠷᠭᠡ ᠶᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃    ᠲᠠᠪᠢᠨ ᠲᠠᠪᠤᠳᠤᠭᠠᠷ ᠵᠦᠢᠯ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠡᠷᠡᠭᠲᠡᠶ᠄    ︵ᠨᠢᠭᠡ︶ ᠳᠡᠭᠡᠳᠦ ᠱᠠᠲᠤ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ    ︵ᠬᠤᠶᠠᠷ︶ ᠬᠦᠨᠳᠦ ᠶᠡᠭᠡ ᠡᠳ᠋ ᠬᠥᠷᠥᠩᠭᠡ ᠶᠢ ᠲᠣᠬᠢᠷᠠᠭᠤᠯᠵᠤ ᠦᠭᠬᠦ᠂ ᠬᠤᠪᠢᠶᠠᠷᠢᠯᠠᠨ ᠰᠢᠯᠵᠢᠭᠦᠯᠬᠦ ᠵᠢᠴᠢ ᠨᠢᠭᠡᠴᠢ ᠶᠢ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠷᠢᠶᠠᠯᠠᠭᠳᠠᠬᠤ ᠬᠠᠷᠢᠴᠠᠭ᠎ᠠ ᠶᠢ ᠥᠭᠡᠷᠡᠴᠢᠯᠡᠬᠦ ᠵᠡᠷᠭᠡ ᠪᠠᠶᠢᠳᠠᠯ    ︵ᠭᠤᠷᠪᠠ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠵᠤ ᠡᠳ᠋ ᠬᠥᠷᠥᠩᠭᠡ ᠬᠦᠨᠳᠦ ᠨᠣᠴᠢᠲᠠᠢ ᠡᠪᠳᠡᠭᠳᠡᠵᠦ᠂ ᠭᠡᠭᠡᠭᠳᠡᠭᠰᠡᠨ ᠪᠠᠶᠢᠳᠠᠯ    ︵ᠲᠦᠷᠪᠡ︶ ᠨᠢᠭᠲᠠᠯᠠᠨ ᠪᠣᠳᠤᠯᠲᠠ ᠶᠢᠨ ᠮᠡᠳᠡᠭᠡ ᠵᠠᠩᠭᠢ ᠴᠢᠬᠤᠯᠠ    ︵ᠲᠠᠪᠤ︶ ᠤᠯᠤᠰ ᠤᠨ ᠨᠢᠭᠡᠲᠦᠯᠲᠡᠢ ᠨᠢᠭᠲᠠᠯᠠᠨ ᠪᠣᠳᠤᠯᠲᠠ ᠶᠢᠨ ᠳᠦᠷᠢᠮ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠡᠳ᠋ ᠬᠥᠷᠦᠩᠭᠡ ᠪᠠᠷ ᠲᠣᠭᠠᠴᠠᠭ᠎ᠠ ᠬᠢᠬᠦ ᠠᠷᠭ᠎ᠠ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ     ︵ᠵᠢᠷᠭᠤᠭ᠎ᠠ︶ ᠪᠤᠰᠤᠳ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠤᠰᠤᠲᠠᠶ ᠪᠠᠶᠢᠳᠠᠯ     ᠲᠠᠪᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠨᠢ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠳᠤᠮᠳᠠ ᠳᠠᠩᠰᠠ ᠨᠢ ᠪᠣᠳᠠᠲᠠᠶ ᠲᠠᠢ ᠨᠡᠶᠢᠴᠡᠬᠦ ᠦᠭᠡᠶ ᠪᠠᠶᠢᠬᠤ ᠶᠢ ᠣᠯᠵᠤ ᠮᠡᠳᠡᠪᠡᠯ᠂ ᠰᠢᠯᠲᠠᠭᠠᠨ ᠢ ᠨᠢ ᠪᠠᠶᠢᠴᠠᠭᠠᠨ ᠲᠣᠳᠣᠷᠬᠠᠶᠢᠯᠠᠬᠤ ᠶᠢᠨ ᠬᠠᠮᠲᠤ᠂ ᠢᠯᠭᠠᠷᠠᠭᠤᠯᠤᠨ ᠪᠠᠶᠢᠴᠠᠭᠠᠭᠰᠠᠨ ᠦᠷ᠎ᠡ ᠳ᠋ᠦᠩ ᠯᠦᠭᠡ ᠨᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠬᠠᠮᠲᠤ ᠳᠤᠨᠢ ᠭᠦᠢᠴᠡᠳᠬᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ ᠰᠢᠶᠠᠩ ᠵᠡᠭᠡᠯᠢ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠦᠨᠳᠦᠰᠦᠯᠡᠨ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠣᠬᠢᠷᠠᠭᠤᠯᠬᠤ ᠶᠢᠨ ᠬᠠᠮᠲᠤ ᠨᠢᠭᠲᠠᠯᠠᠨ ᠪᠤᠳᠤᠵᠤ ᠰᠢᠶ᠋ᠳᠪᠦᠷᠢᠯᠡᠬᠦ ᠬᠡᠷᠡᠭᠲᠡᠶ᠃    ᠡᠳ᠋ ᠬᠥᠷᠥᠩᠭᠡ ᠶᠢᠨ ᠬᠡᠷᠡᠭᠯᠡᠭᠴᠢ᠂ ᠬᠠᠮᠢᠶᠠᠷᠤᠭᠴᠢ ᠶᠢᠨ ᠰᠢᠯᠲᠠᠭᠠᠨ ᠠᠴᠠ ᠪᠣᠯᠵᠤ᠂ ᠡᠳ᠋ ᠬᠥᠷᠥᠩᠭᠡ ᠡᠪᠳᠡᠨ ᠰᠦᠢᠳᠬᠡᠭᠰᠡᠨ᠂ ᠤᠰᠠᠳᠤᠭᠰᠠᠨ ᠪᠣᠯ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃                    ︵ᠦᠷᠭᠦᠯᠵᠢᠯᠡᠯ ᠪᠤᠢ︶ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号