| ᠨᠢᠭᠡ ᠳᠤ᠂ ᠦᠨᠡᠨ ᠨᠡᠷ᠎ᠡ ᠪᠠᠷ ᠳᠠᠩᠰᠠᠯᠠᠬᠤ ᠡᠬᠡ ᠲᠠᠩᠰᠠ ᠪᠠᠷ ᠲᠤᠯᠭᠠᠭᠤᠷᠢᠯᠠᠯ ᠪᠣᠯᠭᠠᠵᠤ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯᠲᠠᠨ ᠡᠯᠰᠡᠬᠦ ᠶᠢ ᠵᠣᠯᠭᠠᠭᠤᠯᠬᠤ᠂ ᠬᠦᠴᠢᠷᠳᠡᠯ ᠢ ᠬᠠᠪᠰᠤᠷᠤᠨ ᠲᠡᠳᠬᠦᠬᠦ | ᠂ ᠴᠢᠳᠠᠪᠤᠷᠢ ᠶᠢ ᠳᠡᠭᠡᠭᠰᠢᠯᠡᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠣᠯᠭᠤᠯᠲᠠ ᠶᠢᠨ ᠦᠢᠯᠡᠴᠢᠯᠡᠭᠡ ᠶᠢ | ᠲᠥᠪᠯᠡᠷᠡᠭᠦᠯᠦᠨ ᠬᠠᠩᠭᠠᠪᠠ᠃ | ᠬᠤᠶᠠᠷ ᠲᠤ᠂ ᠨᠢᠩᠴᠧᠩ ᠰᠢᠶᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠵᠢᠯᠣᠭᠤᠳᠬᠤ ᠲᠥᠪ ᠢᠶᠠᠷ ᠲᠦᠰᠢᠭ ᠪᠣᠯᠭᠠᠵᠤ᠂ ᠰᠤᠷᠭᠠᠭᠤᠯᠢ ᠠᠴᠠ ᠪᠠᠨ ᠰᠠᠯᠵᠤ ᠠᠵᠢᠯ | ᠣᠯᠤᠭᠠᠳᠤᠶ ᠲᠡᠭᠦᠰᠦᠭᠰᠡᠳ ᠲᠤ ᠲᠤᠰᠬᠠᠶ ᠮᠡᠷᠭᠡᠵᠢᠯ ᠤᠨ ᠵᠢᠯᠣᠭᠤᠳᠬᠤ ᠦᠢᠯᠡᠴᠢᠯᠡᠭᠡ ᠬᠠᠩᠭᠠᠪᠠ᠃ | ᠭᠤᠷᠪᠠ ᠳᠤ᠂ ᠰᠢᠶᠠᠨ ᠤ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠳᠠᠳᠤᠯᠭ᠎ᠠ ᠶᠢᠨ | ᠠᠵᠢᠯ ᠤᠨ ᠪᠠᠶᠢᠷᠢ ᠶᠢ ᠥᠷᠭᠡᠨ ᠢᠶᠠᠷ ᠴᠤᠭᠯᠠᠭᠤᠯᠵᠤ᠂ 1 ᠳ᠋ᠦ᠋ᠭᠡᠷ ᠰᠠᠷ᠎ᠠ ᠠᠴᠠ ᠡᠬᠢᠯᠡᠨ᠂ ᠳᠠᠳᠤᠯᠭ᠎ᠠ ᠶᠢᠨ | ᠬᠡᠷᠡᠭᠴᠡᠭᠡ ᠪᠦᠬᠦᠢ ᠬᠥᠮᠥᠰ ᠲᠤ ᠲᠠᠰᠤᠷᠠᠯᠲᠠ ᠦᠭᠡᠢ ᠳᠠᠳᠤᠯᠭ᠎ᠠ ᠬᠢᠬᠦ ᠠᠵᠢᠯ ᠤᠨ ᠪᠠᠶᠢᠷᠢ ᠬᠠᠩᠭᠠᠪᠠ᠃ | ᠳᠥᠷᠪᠡ ᠳᠤ ᠤᠯᠠᠭᠠᠨᠬᠠᠳᠠ ᠬᠤᠲᠠ ᠶᠢᠨ ᠳᠣᠲᠣᠷᠠᠬᠢ ᠲᠤᠰᠬᠠᠶ ᠮᠡᠷᠭᠡᠵᠢᠯ ᠤᠨ ᠬᠠᠪᠰᠤᠷᠤᠨ ᠵᠢᠯᠣᠭᠤᠳᠬᠤ | ᠪᠠᠶᠢᠭᠤᠯᠤᠮᠵᠢ ᠶᠢ ᠤᠷᠢᠵᠤ᠂ ᠣᠯᠠᠨ ᠨᠡᠶᠢᠲᠡ ᠶᠢᠨ ᠰᠠᠯᠠᠭ᠎ᠠ ᠮᠥᠴᠢᠷ ᠲᠤ ᠣᠴᠢᠵᠤ ᠠᠵᠢᠯ ᠤᠯᠬᠤ ᠬᠦᠰᠡᠯ ᠲᠠᠢ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠢᠭᠡ ᠤᠳᠠᠭᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ | ᠬᠦᠷᠲᠡᠭᠡᠵᠦ᠂ ᠨᠢᠭᠡᠨᠲᠡ 110 ᠬᠥᠮᠦᠨ ᠢ ᠪᠣᠯᠪᠠᠰᠤᠷᠠᠭᠤᠯᠪᠠ᠃ | ᠲᠠᠪᠤ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ ᠣᠯᠠᠨ | ᠤᠳᠠᠭ᠎ᠠ ᠡᠷᠬᠢᠯᠡᠪᠡ᠃ ᠪᠥᠬᠦ ᠰᠢᠶᠠᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ | ᠲᠠᠪᠴᠠᠩ ᠢ ᠠᠰᠢᠭᠯᠠᠨ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠵᠦ᠂ ᠪᠠᠯᠭᠠᠰᠤᠨ ᠤ | ᠰᠢᠶᠠᠩ ᠵᠡᠭᠡᠯᠢ ᠭᠤᠳᠤᠮᠵᠢ ᠪᠠ ᠡᠯ᠎ᠡ ᠵᠠᠰᠠᠭ ᠵᠠᠬᠢᠷᠭᠠᠨ ᠤ ᠲᠣᠰᠬᠤᠨ ᠳᠤ ᠵᠡᠷᠭᠡ ᠪᠠᠷ ᠳᠠᠮᠵᠢᠭᠤᠯᠤᠨ ᠲᠠᠷᠬᠠᠭᠠᠵᠤ᠂ | ᠬᠠᠷᠠᠯᠲᠠᠲᠤ ᠬᠥᠮᠦᠰ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠭᠠᠷᠠᠭ ᠤᠨ ᠲᠠᠪᠤᠨ ᠳᠤ ᠲᠣᠭᠲᠠᠮᠠᠯ | ᠬᠤᠭᠤᠴᠠᠭ᠎ᠠ ᠲᠠᠢ ᠪᠠᠷ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ ᠥᠷᠭᠡᠨ ᠣᠯᠠᠨ ᠠᠵᠢᠯ ᠡᠷᠢᠭᠰᠡᠳ ᠲᠤ | ᠲᠥᠬᠦᠮ ᠦᠵᠡᠭᠦᠯᠵᠦ᠂ ︽ᠨᠢᠩᠴᠧᠩ ᠤᠨ ᠠᠵᠢᠯ ᠣᠯᠭᠤᠯᠲᠠ︾ ᠶᠢ ᠠᠰᠢᠭᠯᠠᠨ᠂ ᠡᠳᠦᠷ ᠪᠦᠷᠢ ᠨᠢᠭᠡ ᠤᠳᠠᠭ᠎ᠠ | ᠰᠢᠭᠤᠳ ᠨᠡᠪᠲᠡᠷᠡᠭᠦᠯᠦᠨ᠎ᠡ᠃ 2024 ᠣᠨ ᠳᠤ ᠰᠢᠶᠠᠨ ᠥᠪᠡᠷᠲᠡᠭᠡᠨ ᠵᠠᠰᠠᠬᠤ ᠣᠷᠣᠨ ᠠᠴᠠ | ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠨᠡᠶᠢᠲᠡ | 1055 ᠭᠥᠯᠢᠶᠡᠨ ᠠᠪᠴᠤ᠂ ᠣᠲᠣ ᠪᠣᠯᠲᠠᠯ᠎ᠠ᠂ 936 ᠬᠥᠮᠦᠨ ᠳᠤ ᠠᠵᠢᠯ ᠣᠯᠭᠤᠪᠠ᠃ |