| ᠵᠥᠷᠢᠴᠡᠯ ᠠᠶᠤᠯ ᠲᠦᠭᠰᠢᠭᠦᠷᠢ ᠶᠢ ᠢᠳᠡᠪᠬᠢᠲᠡᠢ ᠨᠠᠮᠳᠠᠭᠤᠯᠤᠨ᠎ᠠ᠃ ︽ᠬᠤᠤᠰ ᠵᠠᠭᠤᠨ ᠡᠳᠦᠷ ᠤᠨ ᠠᠵᠢᠯᠯᠠᠭ᠎ᠠ | ︾ ︽ᠨᠠᠮᠤᠷ ᠤᠨ ᠤᠯᠠᠷᠢᠯ ᠤᠨ ᠳᠠᠭᠠᠷᠢᠯᠲᠠ︾ ᠪᠠ ︽ᠵᠥᠷᠢᠴᠡᠯ ᠠᠶᠤᠯ ᠲᠦᠭᠰᠢᠭᠦᠷᠢ ᠶᠢ ᠠᠷᠢᠯᠭᠠᠬᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠶ ᠵᠠᠰᠠᠯᠲᠠ ᠵᠡᠷᠭᠡ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠨᠡᠶᠢᠭᠡᠮ ᠤᠨ ᠵᠥᠷᠢᠴᠡᠯ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ | ᠭᠦᠨᠵᠡᠭᠡᠶ ᠥᠷᠨᠢᠭᠦᠯᠵᠦ᠂ ᠵᠥᠷᠢᠴᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠶᠢᠯᠠᠭᠠᠵᠤ᠂ ᠡᠷᠲᠡ | ᠢᠯᠡᠷᠡᠭᠦᠯᠵᠦ᠂ ᠡᠷᠲᠡ ᠰᠢᠢᠳᠪᠦᠷᠢᠯᠡᠵᠦ᠂ ᠡᠷᠲᠡ ᠰᠢᠢᠳᠪᠤᠷᠢᠯᠡᠪᠡ᠃ ᠣᠲᠣ ᠪᠣᠯᠲᠠᠯ᠎ᠠ᠂ ᠡᠯ᠎ᠡ ᠲᠥᠷᠥᠯ ᠤᠨ | ᠵᠥᠷᠢᠴᠡᠯ ᠵᠢᠭᠤᠷᠠᠯᠳᠤᠭᠠᠨ ᠢ ᠨᠡᠶᠢᠲᠡ 62 ᠭᠥᠯᠢᠶᠡᠨ ᠠᠪᠴᠤ ᠰᠢᠢᠳᠪᠤᠷᠢᠯᠡᠨ᠂ ᠬᠡᠷᠡᠭ ᠲᠤ ᠬᠤᠯᠪᠣᠭᠳᠠᠭᠰᠠᠨ | ᠵᠣᠭᠤᠰ ᠤᠨ ᠲᠤᠭ᠎ᠠ ᠨᠢ 25.7 ᠲᠦᠮᠡᠨ ᠲᠥᠭᠦᠷᠢᠭ ᠲᠤ ᠬᠦᠷᠴᠦ᠂ ᠣᠲᠣ ᠨᠢᠭᠡᠨᠲᠡ ᠪᠦᠬᠦᠨ ᠢ ᠡᠶᠡᠳᠡᠭᠦᠯᠦᠨ | ᠰᠢᠢᠳᠪᠤᠷᠢᠯᠡᠨ ᠳᠠᠭᠤᠰᠬᠠᠵᠤ᠂ ᠪᠥᠬᠦ ᠪᠠᠯᠭᠠᠰᠤᠨ ᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ | ᠬᠦᠴᠦᠲᠡᠶ ᠬᠠᠮᠠᠭᠠᠯᠠᠪᠠ᠃ | ᠣᠨᠴᠠᠭᠠᠢ ᠬᠠᠮᠲᠤᠯᠢᠭ ᠤᠨ ᠬᠠᠮᠢᠶᠠᠷᠤᠯᠲᠠ ᠶᠢ ᠴᠢᠩᠭᠠᠳᠬᠠᠪᠠ᠃ ᠨᠡᠶᠢᠭᠡᠮ ᠲᠣᠭᠤᠷᠢᠭ ᠤᠨ ᠵᠠᠯᠠᠷᠠᠭᠤᠯᠬᠤ | ᠡᠲᠡᠭᠡᠳ ᠢ ᠬᠢᠨᠠᠨ ᠬᠠᠮᠢᠶᠠᠷᠬᠤ ᠱᠠᠭᠠᠷᠳᠠᠯᠭ᠎ᠠ ᠶᠢ ᠵᠢᠷᠤᠮᠯᠠᠬᠤ ᠶᠢ ᠴᠢᠩᠭ᠎ᠠ ᠱᠠᠭᠠᠷᠳᠠᠬᠤ ᠶᠢᠨ ᠬᠠᠮᠲᠤ ᠡᠷᠦᠬᠡ ᠳᠤ | ᠣᠷᠣᠵᠤ ᠪᠠᠶᠢᠴᠠᠭᠠᠨ ᠰᠤᠷᠪᠤᠯᠵᠢᠯᠠᠬᠤ᠂ ᠤᠶᠢᠯᠠᠭᠠᠬᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠡᠳᠬᠢᠴᠡ ᠶᠢᠨ ᠵᠠᠯᠠᠷᠠᠭᠤᠯᠭ᠎ᠠ ᠶᠢ ᠳᠣᠪᠤᠶᠢᠯᠭᠠᠵᠤ᠂ ᠲᠡᠳᠡᠨ ᠤ ᠰᠡᠳᠬᠢᠴᠡ ᠶᠢᠨ ᠳᠠᠷᠤᠭᠠᠰᠤ ᠶᠢ ᠬᠥᠩᠭᠡᠷᠡᠭᠦᠯᠵᠦ᠂ | ᠠᠮᠢᠳᠤᠷᠠᠯ ᠤᠨ ᠬᠦᠴᠢᠷᠳᠡᠯ ᠠᠴᠠ ᠪᠣᠯᠵᠤ ᠬᠠᠤᠯᠢ ᠶᠢ ᠵᠥᠷᠢᠴᠡᠵᠦ ᠶᠠᠯ᠎ᠠ ᠬᠢᠬᠦ ᠬᠦᠰᠡᠯ ᠰᠠᠨᠠᠭ᠎ᠠ ᠶᠢ ᠳᠠᠬᠢᠨ | ᠢᠯᠡᠷᠡᠭᠦᠯᠬᠦ ᠠᠴᠠ ᠵᠠᠶᠢᠯᠠᠰᠬᠢᠪᠠ᠃ ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠤᠨ ᠠᠮᠢᠳᠤᠷᠠᠯ ᠤᠨ ᠪᠠᠶᠢᠳᠠᠯ | ᠪᠣᠯᠤᠨ ᠠᠵᠢᠯ ᠣᠯᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠮᠢᠳᠤᠷᠠᠯ ᠨᠢ ᠬᠦᠴᠢᠷᠳᠡᠯ ᠲᠠᠢ | ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠢ ᠬᠠᠪᠰᠤᠷᠤᠨ ᠲᠡᠳᠬᠦᠵᠦ᠂ ᠠᠵᠢᠯ ᠣᠯᠬᠤ ᠬᠡᠷᠡᠭᠴᠡᠭᠡ | ᠱᠠᠭᠠᠷᠳᠠᠯᠭ᠎ᠠ ᠲᠠᠢ ᠳᠤᠨᠢ ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠵᠤ᠂ | ᠲᠡᠳᠡᠨ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ ᠰᠢᠢᠳᠪᠤᠷᠢᠯᠡᠵᠦ᠂ ᠠᠮᠢᠳᠤᠷᠠᠯ ᠤᠨ ᠢᠲᠡᠭᠡᠯ ᠢ ᠨᠢ ᠳᠠᠬᠢᠨ | ᠪᠠᠶᠢᠭᠤᠯᠵᠤ᠂ ᠨᠡᠶᠢᠭᠡᠮ ᠳᠤ ᠤᠷᠤᠭᠰᠢᠲᠠᠶ ᠡᠬᠡᠭᠦᠯᠦᠨᠡ᠃ | ᠬᠠᠤᠯᠢ ᠴᠠᠭᠠᠵᠠ ᠶᠢ ᠲᠦᠭᠡᠮᠡᠯᠵᠢᠭᠦᠯᠵᠦ ᠬᠠᠤᠯᠢ ᠶᠣᠰᠣᠭᠠᠷ ᠵᠠᠰᠠᠬᠤ ᠶᠢ ᠲᠦᠯᠬᠢᠨ ᠠᠬᠢᠭᠤᠯᠤᠨ᠎ᠠ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠠᠤᠯᠢ ᠰᠤᠷᠬᠤ ᠡᠯ᠎ᠡ ᠲᠥᠷᠥᠯ ᠤᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ | ᠪᠠᠶᠢᠭᠤᠯᠭ᠎ᠠ ᠠᠴᠠ ᠰᠤᠷᠭᠠᠭᠤᠯᠢ ᠶᠢᠨ ᠬᠢᠴᠢᠶᠡᠯ ᠤᠨ ᠲᠠᠩᠬᠢᠮ ᠬᠦᠷᠲᠡᠯ᠎ᠡ᠂ ᠨᠡᠶᠢᠭᠡᠮ ᠲᠣᠭᠤᠷᠢᠭ ᠤᠨ ᠠᠭᠤᠳᠠᠮ | ᠲᠠᠯᠠᠪᠠᠢ ᠠᠴᠠ ᠲᠠᠷᠢᠶᠠᠨ ᠭᠠᠵᠠᠷ ᠬᠦᠷᠲᠡᠯ᠎ᠡ᠂ ᠬᠠᠤᠯᠢ ᠰᠤᠷᠬᠤ ᠬᠠᠯᠠᠭᠤᠨ ᠥᠷᠨᠢᠯᠲᠡ ᠲᠠᠰᠤᠷᠠᠯᠲᠠ ᠦᠭᠡᠢ | ᠦᠷᠭᠦᠯᠵᠢᠯᠡᠪᠡ᠃ 66 ︽ᠬᠠᠤᠯᠢ ᠴᠠᠭᠠᠵᠠ ᠶᠢᠨ ᠲᠣᠳᠣᠷᠬᠠᠶ ᠬᠥᠮᠦᠨ︾᠂ 59 ᠬᠠᠤᠯᠢ ᠲᠦᠭᠡᠮᠡᠯᠵᠢᠭᠦᠯᠬᠦ ᠰᠠᠶᠢᠨ | ᠳᠤᠷᠠᠴᠤᠳ ᠵᠡᠭᠡᠯᠢ ᠭᠤᠳᠤᠮᠵᠢ᠂ ᠠᠭᠤᠷᠬᠠᠶ ᠠᠵᠤ ᠠᠬᠤᠶᠢᠯᠠᠯ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ | ᠳᠡᠯᠭᠡᠭᠦᠷ ᠲᠤ ᠭᠦᠨᠵᠡᠭᠡᠶᠢᠷᠡᠵᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠮᠠᠲ᠋ᠧᠷᠢᠶᠠᠯ ᠲᠠᠷᠬᠠᠭᠠᠬᠤ᠂ ᠯᠠᠪᠯᠠᠭ᠎ᠠ ᠶᠢ | ᠬᠠᠷᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠣᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠬᠠᠤᠯᠢ ᠪᠠᠷ ᠵᠠᠰᠠᠬᠤ ᠵᠣᠷᠢᠭ | ᠰᠠᠨᠠᠭ᠎ᠠ ᠶᠢ ᠬᠥᠳᠡᠭᠡ ᠲᠣᠰᠬᠤᠨ ᠨᠢᠭᠡᠪᠦᠷᠢ ᠳᠤ ᠳᠠᠮᠵᠢᠭᠤᠯᠵᠤ᠂ ᠣᠯᠠᠨ ᠲᠦᠮᠡᠨ ᠤ ᠡᠳᠦᠷ ᠲᠤᠲᠤᠮ ᠤᠨ | ᠠᠮᠢᠳᠤᠷᠠᠯ ᠳᠤ ᠠᠭᠤᠰᠤᠯᠴᠠᠭᠤᠯᠪᠠ᠃ | |