| ᠨᠢᠭᠡ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠢᠳᠡᠰᠢᠨ ᠨᠣᠭᠤᠭ᠎ᠠ᠂ | ᠠᠯᠠᠰᠢᠨ ᠦᠬᠡᠷ ᠵᠡᠷᠭᠡ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠳᠤ ᠰᠠᠭᠤᠷᠢᠯᠠᠨ᠂ | ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠳ᠋ᠦᠩ ᠹᠠᠩ ᠸᠠᠨ ᠴᠢ᠂ ᠰᠠᠢ ᠹᠸᠢ ᠶᠠ ᠵᠡᠷᠭᠡ ᠲᠤᠬᠠᠶ ᠶᠢᠨ ᠭᠠᠵᠠᠷ ᠤᠨ ᠬᠥᠲᠥᠴᠢ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠂ ᠨᠠᠷᠢᠯᠢᠭ ᠡᠳ᠋ᠰᠢᠭᠦᠯᠬᠦ ᠶᠢ ᠠᠬᠢᠭᠤᠯᠵᠤ᠂ ᠭᠠᠷᠤᠯᠲᠠ ᠶᠢᠨ ᠣᠷᠣᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠪᠠ | ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ 2024 - 2025 ᠣᠨ ᠳᠤ ᠥᠪᠡᠷᠲᠡᠭᠡᠨ ᠵᠠᠰᠠᠬᠤ | ᠣᠷᠣᠨ ᠤ ᠲᠠᠰ ᠤᠨ ᠬᠥᠲᠥᠴᠢ ᠠᠵᠤ ᠠᠬᠤᠶᠢᠯᠠᠯ ᠢ 1 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ | ᠱᠠᠲᠤᠨ ᠤ ᠬᠥᠲᠥᠴᠢ ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠣᠳᠣᠬᠠᠨ ᠳᠤ ᠮᠠᠨ ᠤ | ᠰᠢᠶᠠᠨ ᠤ ᠲᠥᠬᠦᠭᠡᠷᠦᠮᠵᠢᠲᠦ ᠲᠠᠷᠢᠶᠠᠯᠠᠩ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 5 ᠠᠵᠤ | ᠠᠬᠤᠶᠢᠯᠠᠯ ᠤᠨ ᠶᠡᠷᠦᠩᠬᠡᠢ ᠪᠡᠯᠡ ᠣᠷᠣᠭᠤᠯᠤᠯᠲᠠ 15.7 ᠳ᠋ᠦᠩᠰᠢᠭᠤᠷ ᠲᠥᠭᠦᠷᠢᠭ ᠲᠤ ᠬᠦᠷᠴᠡᠢ᠃ | ᠬᠤᠶᠠᠷ ᠲᠤ᠂ ᠨᠢᠭᠡᠳᠦᠯᠲᠡᠶ ᠲᠥᠯᠥᠪᠵᠢᠭᠦᠯᠦᠨ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ | ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠦᠨ᠎ᠡ᠃ ᠣᠶᠤᠨᠴᠢᠯᠠᠭᠰᠠᠨ ᠲᠠᠷᠢᠮᠠᠯ ᠤᠨ ᠵᠠᠭᠪᠤᠷ ᠢ ᠶᠡᠬᠡᠪᠡᠷ ᠬᠥᠭᠵᠢᠭᠦᠯᠦᠨ ᠳᠡᠯᠭᠡᠷᠡᠭᠦᠯᠵᠦ᠂ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠮ ᠢᠶᠠᠷ ᠰᠠᠶᠢᠲᠤᠷ ᠵᠠᠮᠨᠠᠵᠤ᠂ ᠵᠢᠱᠢᠶ᠎ᠡ ᠦᠵᠡᠭᠦᠯᠦᠨ | ᠳᠠᠶᠢᠴᠢᠯᠠᠬᠤ ᠪᠠᠷ ᠳᠠᠮᠵᠢᠭᠤᠯᠤᠨ ᠤᠯᠠᠮᠵᠢᠯᠠᠯᠲᠤ ᠲᠠᠷᠢᠶᠠᠯᠠᠩ ᠤᠨ ᠦᠢᠯᠡᠳᠪᠦᠷᠢᠯᠡᠯ ᠤᠨ ᠲᠠᠷᠢᠮᠠᠯ ᠤᠨ ᠠᠷᠭ᠎ᠠ | ᠬᠡᠯᠪᠡᠷᠢ ᠶᠢ ᠲᠠᠰᠤᠷᠠᠯᠲᠠ ᠥᠬᠡᠶ ᠰᠠᠶᠢᠵᠢᠷᠠᠭᠤᠯᠤᠨ ᠥᠭᠡᠷᠡᠴᠢᠯᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠡᠯᠡᠳᠭᠡᠮᠵᠢᠳᠤ ᠲᠠᠷᠢᠶᠠᠯᠠᠩ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ᠎ᠠ᠃ ᠤᠶᠤᠨᠴᠢᠯᠠᠭᠰᠠᠨ ᠮᠠᠯ ᠠᠵᠤ ᠠᠬᠤᠢ ᠶᠢᠨ | ᠲᠦᠷᠦᠯ ᠵᠦᠢᠯ ᠢ ᠡᠬᠢᠯᠡᠭᠦᠯᠦᠨ ᠪᠠᠶᠢᠭᠤᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠠᠮᠢᠲᠠᠨ ᠤ ᠬᠢᠵᠢᠭ ᠢ | ᠰᠡᠷᠭᠡᠶᠢᠯᠡᠬᠦ᠂ ᠬᠢᠵᠢᠭ ᠪᠠᠶᠢᠴᠠᠭᠠᠬᠤ᠂ ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷ ᠦᠭᠡᠢ ᠪᠣᠯᠭᠠᠨ | ᠰᠢᠢᠳᠪᠦᠷᠢᠯᠡᠬᠦ᠂ ᠮᠠᠯ ᠵᠢᠭᠦᠷᠲᠡᠨ ᠢ ᠨᠢᠲᠤᠯᠬᠤ ᠬᠠᠮᠢᠶᠠᠷᠤᠯᠲᠠ ᠪᠠ ᠠᠮᠢᠲᠠᠨ ᠵᠢᠴᠢ ᠲᠡᠭᠦᠨ ᠤ ᠦᠢᠯᠡᠳᠬᠦᠨ ᠢ | ᠮᠥᠷᠳᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ︽ᠤᠶᠤᠨᠴᠢᠯᠠᠭᠰᠠᠨ︾ ᠠᠯᠠᠰᠢᠨ ᠦᠬᠡᠷ ᠲᠡᠵᠢᠭᠡᠨ ᠦᠷᠡᠵᠢᠭᠦᠯᠬᠦ | ᠰᠢᠨ᠎ᠡ ᠵᠠᠭᠪᠤᠷ ᠢ ᠡᠬᠢᠯᠡᠭᠦᠯᠦᠨ᠎ᠡ᠃ | ᠭᠤᠷᠪᠠ ᠳᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠣᠯᠭᠤᠨ᠎ᠠ᠃ ︽ᠬᠤᠭᠤᠯᠠ | ᠵᠠᠬᠢᠶᠠᠯᠠᠬᠤ ᠮᠠᠶ᠋ᠢᠭ︾ ᠤᠨ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠤᠨ ᠠᠷᠭ᠎ᠠ | ᠮᠠᠶ᠋ᠢᠭ ᠤᠨ ᠵᠢᠭᠠᠨ ᠰᠤᠷᠭᠠᠯᠲᠠ ᠶᠢ ᠠᠰᠢᠭᠯᠠᠨ᠂ ᠲᠤᠰᠬᠠᠶ ᠰᠡᠳᠦᠪ ᠢᠶᠠᠷ ᠬᠢᠴᠢᠶᠡᠯᠯᠡᠬᠦ᠂ ᠲᠤᠬᠠᠶ ᠶᠢᠨ ᠲᠠᠯᠠᠪᠤᠷ ᠲᠤ | ᠵᠢᠭᠠᠨ ᠰᠤᠷᠭᠠᠬᠤ᠂ ᠦᠢᠯᠡᠳᠪᠦᠷᠢᠯᠡᠯ ᠤᠨ ᠦᠢᠯᠡᠳᠦᠯᠭᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠢᠨᠵᠢᠯᠡᠬᠦ | ᠤᠬᠠᠭᠠᠨᠴᠢ ᠪᠠᠷ ᠡᠵᠡᠮᠳᠡᠵᠦ᠂ ᠲᠠᠷᠢᠶᠠᠨ ᠭᠠᠵᠠᠷ ᠲᠤ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡ ᠥᠷᠨᠢᠭᠦᠯᠵᠦ᠂ ᠵᠢᠯ ᠪᠦᠷᠢ ᠡᠷᠦᠬᠡ ᠳᠤ ᠬᠦᠷᠴᠦ ᠲᠠᠷᠢᠶᠠᠴᠢᠳ ᠢ ᠪᠣᠯᠪᠠᠰᠤᠷᠠᠭᠤᠯᠤᠨ᠎ᠠ᠃ ᠡᠭᠦᠨ ᠤ | ᠬᠠᠮᠲᠤ᠂ ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ 12᠂ ᠲᠠᠷᠢᠶᠠᠨ ᠭᠠᠵᠠᠷ ᠤᠨ ᠰᠤᠷᠭᠠᠭᠤᠯᠢ 8 ᠪᠠᠶᠢᠭᠤᠯᠪᠠ᠃ | ᠪᠠᠶᠢᠴᠠᠭᠠᠨ ᠰᠤᠳᠤᠯᠤᠯᠲᠠ ᠬᠢᠬᠦ᠂ ᠰᠢᠯᠢᠨ ᠰᠣᠩᠭᠤᠬᠤ᠂ ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠢᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠳᠤ | ᠳᠣᠭᠢᠷᠠᠬᠤ ᠨᠤᠲᠤᠭ ᠤᠨ ᠴᠢᠳᠠᠪᠤᠷᠢᠲᠠᠨ ᠤ ᠡᠩᠨᠡᠭᠡ ᠶᠢ ᠰᠢᠯᠢᠨ ᠰᠣᠩᠭᠤᠵᠤ᠂ ᠨᠤᠲᠤᠭ ᠤᠨ ᠴᠢᠳᠠᠪᠤᠷᠢᠲᠠᠨ ᠤ | ᠬᠥᠮᠥᠷᠭᠡ ᠶᠢ ᠪᠠᠶᠢᠭᠤᠯᠤᠨ᠎ᠠ᠃ |