| ᠨᠢᠩᠴᠧᠩ ᠰᠢᠶᠠᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠪᠣᠯ ᠠᠵᠤ ᠠᠬᠤᠶᠢᠯᠠᠯ ᠳᠤ | ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ︽ᠨᠢᠭᠡᠳᠦᠭᠡᠷ ᠴᠣᠩᠬᠤᠪᠴᠢ︾ ᠮᠥᠨ᠂ ᠡᠳᠦᠷ ᠪᠦᠷᠢ ᠠᠵᠢᠯ | ᠶᠠᠪᠤᠳᠠᠯ ᠬᠦᠢᠴᠡᠳᠭᠡᠬᠦ ᠣᠯᠠᠨ ᠲᠦᠮᠡᠨ ᠢ ᠪᠠᠷᠤᠭ 1300 ᠬᠥᠮᠦᠨ ᠤᠳᠠᠭ᠎ᠠ ᠭᠥᠯᠢᠶᠡᠨ ᠠᠪᠴᠤ᠂ ᠣᠲᠣ ᠲᠡᠷᠭᠡᠨ | ᠵᠣᠭᠰᠣᠭᠠᠯ 200 ᠪᠣᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠡᠳᠦᠷ ᠢᠷᠡᠬᠦᠶ᠎ᠡ ᠨᠡᠮᠡᠭᠳᠡᠬᠦ ᠶᠢ | ᠳᠠᠭᠠᠯᠳᠤᠨ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠲᠤᠭ᠎ᠠ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠵᠦ | ᠂ ᠤᠤᠯ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠲᠡᠷᠭᠡᠨ ᠵᠣᠭᠰᠣᠭᠠᠯ ᠤᠨ ᠪᠠᠭᠲᠠᠭᠠᠮᠵᠢ ᠶᠢᠨ ᠬᠡᠮᠵᠢᠶ᠎ᠡ | ᠨᠢᠭᠡᠨᠲᠡ ᠡᠳᠦᠷ ᠲᠤᠲᠤᠮ ᠤᠨ ᠲᠡᠷᠭᠡ ᠵᠣᠭᠰᠣᠭᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠣᠯᠵᠣ᠂ ︽ᠲᠡᠷᠭᠡ | ᠵᠣᠭᠰᠣᠭᠠᠬᠤ ᠳᠤ ᠬᠦᠴᠢᠷ︾ ᠪᠠᠶᠢᠬᠤ ᠠᠰᠠᠭᠤᠳᠠᠯ ᠠᠯᠬᠤᠮ ᠠᠯᠬᠤᠮ ᠢᠶᠠᠷ ᠲᠣᠪᠤᠶᠢᠮ᠎ᠠ ᠪᠣᠯᠵᠣ᠂ ᠲᠡᠷᠭᠡ ᠬᠥᠰᠬᠡ | ᠬᠡᠲᠦ ᠣᠷᠳᠣ ᠬᠤᠭᠤᠴᠠᠭ᠎ᠠ ᠪᠠᠷ ᠮᠥᠷᠯᠡᠨ ᠬᠦᠯᠢᠶᠡᠬᠦ ᠦᠵᠡᠭᠳᠡᠯ ᠭᠠᠷᠴᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠳᠤ ᠲᠦᠢᠯ ᠤᠨ ᠲᠥᠬᠦᠮ ᠥᠬᠡᠶ ᠪᠣᠯᠵᠣ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠳᠤ ᠵᠣᠬᠢᠬᠤ ᠳᠠᠷᠤᠯᠲᠠ ᠪᠣᠯᠤᠭᠰᠠᠨ ᠪᠠᠶᠢᠨ᠎ᠠ᠃ | ᠣᠶᠢᠷ᠎ᠠ ᠳᠤ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ ᠵᠠᠰᠠᠭ ᠤᠨ ᠶᠠᠪᠤᠳᠠᠯ ᠤᠨ | ᠶᠡᠭᠡ ᠲᠢᠩᠬᠢᠮ ᠤᠨ ᠵᠡᠭᠦᠨ ᠲᠠᠯ᠎ᠠ ᠳᠤ ᠪᠠᠷᠤᠭ 7000 ᠲᠡᠭᠰᠢ ᠳᠥᠷᠪᠡᠯᠵᠢᠨ ᠮᠧᠲᠷ ᠤᠨ ᠰᠤᠯᠠ ᠰᠡᠯᠡᠭᠦᠦ | ᠭᠠᠵᠠᠷ ᠢ ᠴᠡᠪᠡᠷᠯᠡᠨ ᠠᠷᠢᠯᠭᠠᠵᠤ᠂ ᠬᠠᠲᠠᠭᠤᠷᠠᠭᠤᠯᠵᠤ᠂ ᠪᠠᠷᠤᠭ 150 ᠲᠡᠷᠭᠡ ᠵᠣᠭᠰᠣᠬᠤ ᠪᠠᠶᠢᠷᠢ ᠶᠢ | ᠲᠥᠯᠥᠪᠵᠢᠭᠦᠯᠦᠨ ᠭᠠᠷᠭᠠᠪᠠ᠃ |