ᠨᠢᠩᠴᠧᠩ ᠰᠢᠶᠠᠨ ︽ᠰᠢᠨ᠎ᠡ︾ ᠪᠠᠷ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2024/12/23
     ᠤᠶᠢᠷ᠎ᠠ ᠶᠢᠨ ᠵᠢᠯ ᠤᠳ ᠲᠤ᠂ ᠨᠢᠩᠴᠧᠩ ᠰᠢᠶᠠᠨ ᠢᠯᠴᠢ ᠬᠠᠩᠭᠠᠬᠤ  ᠰᠢᠰᠲ᠋ᠧᠮ ᠢ ᠳᠡᠰ ᠲᠡᠪᠰᠢᠭᠦᠯᠵᠦ ᠰᠠᠶᠢᠵᠢᠷᠠᠭᠤᠯᠬᠤ ᠲᠠᠯ᠎ᠠ ᠪᠠᠷ ᠴᠢᠩᠭᠠᠳᠬᠠᠨ᠂ ᠡᠪᠦᠯ ᠤᠨ ᠤᠯᠠᠷᠢᠯ ᠳᠤ ᠢᠯᠴᠢ ᠬᠠᠩᠭᠠᠬᠤ ᠨᠢ ᠶᠠᠭ ᠡᠨᠧᠷᠭᠢ ᠶᠢᠨ ᠬᠤᠷᠣᠭᠳᠠᠯ ᠶᠡᠬᠡᠲᠡᠢ ᠪᠠᠢᠭᠰᠠᠨ ᠠᠴᠠ ᠪᠠᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ  ᠭᠠᠳᠠᠬᠰᠢᠯᠠᠭᠤᠯᠬᠤ ᠲᠡᠰᠢ ᠬᠡᠯᠪᠡᠷᠢ ᠪᠠᠨ ᠬᠤᠪᠢᠷᠠᠭᠤᠯᠵᠤ ᠳᠡᠰ ᠲᠡᠪᠰᠢᠭᠦᠯᠪᠡ᠃ ᠣᠯᠠᠨ ᠤᠯᠤᠰ ᠤᠨ ᠬᠤᠳᠠᠯᠳᠤᠭᠠᠨ ᠤ ᠬᠤᠲᠠ ᠠᠩᠬ᠎ᠠ ᠤᠳᠠᠭ᠎ᠠ ᠰᠢᠨ᠎ᠡ ᠮᠠᠶ᠋ᠢᠭ ᠤᠨ ᠥᠨᠳᠥᠷ ᠬᠦᠴᠦᠳᠡᠯᠲᠦ ᠬᠠᠲᠠᠭᠤ ᠪᠡᠶᠡᠲᠦ ᠢᠯᠴᠢ ᠬᠠᠳᠠᠭᠠᠯᠠᠬᠤ ᠮᠠᠰᠢᠨ ᠢᠶᠠᠷ ᠲᠣᠯᠠᠭᠠᠯᠭ᠎ᠠ ᠬᠠᠩᠭᠠᠪᠠ᠃ ᠰᠢᠨ᠎ᠡ ᠬᠡᠯᠪᠡᠷᠢ ᠶᠢᠨ ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠨᠢ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠴᠠᠭ ᠲᠤᠨᠢ ᠲᠤᠬᠢᠷᠠᠭᠤᠯᠤᠨ᠂ ᠰᠠᠭᠤᠭᠠᠯᠢ ᠠᠷᠠᠳ ᠢ ᠲᠣᠭᠲᠠᠮᠠᠯ ᠪᠥᠭᠡᠳ ᠲᠠᠭᠠᠯᠠᠮᠵᠢᠲᠠᠶ ᠣᠷᠴᠢᠨ ᠲᠣᠭᠤᠷᠢᠨ ᠳᠤ ᠡᠪᠦᠯᠵᠢᠭᠦᠯᠵᠦ ᠪᠣᠯᠤᠨ᠎ᠠ᠃ ᠴᠡᠪᠡᠷ ᠡᠨᠧᠷᠭᠢ ᠪᠠᠷ ᠢᠯᠴᠢ ᠬᠠᠩᠭᠠᠬᠤ ᠥᠭᠡᠷᠡᠴᠢᠯᠡᠯᠲᠡ ᠪᠠᠷ ᠳᠠᠮᠵᠢᠭᠤᠯᠤᠨ᠂ ᠢᠯᠴᠢ ᠬᠠᠩᠭᠠᠬᠤ ᠪᠦᠬᠦ᠋ᠢᠯᠡ ᠤᠯᠠᠷᠢᠯ ᠢᠶᠠᠷ 1500 ᠲᠣᠨ ᠰᠢᠲᠠᠭᠠᠯᠭ᠎ᠠ ᠶᠢᠨ ᠨᠡᠭᠦᠷᠡᠰᠦ ᠶᠢ ᠪᠠᠭᠠᠰᠬᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 3900 ᠲᠣᠨ᠂ ᠬᠦᠬᠦᠷ ᠤᠨ ᠳᠠᠪᠬᠤᠷ ᠢᠰᠦᠯ ᠢ 12.75 ᠲᠣᠨ ᠪᠠᠭᠠᠰᠬᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号