ᠳ᠋ᠠ ᠱᠤᠸᠠᠩ ᠮᠢᠶᠣᠣ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠬᠠᠶᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2024/12/24
    ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠤᠨ ᠪᠠᠯᠭᠠᠰᠤᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠮᠥᠷᠳᠡᠨ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠤᠨ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠲᠥᠷᠥᠯ ᠵᠦᠢᠯ ᠢ ᠠᠬᠢᠭᠤᠯᠬᠤ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠤᠨ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ︽ᠪᠥᠬᠦ ᠲᠠᠯ᠎ᠠ ᠪᠠᠷ ᠪᠠᠶᠢᠷᠢᠯᠠᠭᠤᠯᠬᠤ︾ ᠠᠴᠠ ︽ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠪᠣᠯᠭᠠᠨ ᠠᠬᠢᠭᠤᠯᠬᠤ ᠶᠢ ᠠᠬᠢᠭᠤᠯᠪᠠ᠃    ᠬᠤᠶᠠᠷ ᠲᠤ ᠲᠠᠶᠢᠴᠢᠨ ᠪᠠᠬᠢᠯᠡᠯᠲᠡ ᠶᠢ ᠴᠢᠩᠭᠠᠳᠬᠠᠪᠠ᠃ 780 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠠᠨ ᠮᠠ ᠵᠢᠶᠠ ᠽᠢ ᠲᠣᠰᠬᠤᠨ᠂ ᠡᠯ ᠭᠤᠸᠠᠨ ᠶᠢᠩᠽᠢ ᠲᠣᠰᠬᠤᠨ ᠪᠣᠯᠤᠨ ᠳ᠋ᠦᠩ ᠫᠦᠸᠧ ᠲᠣᠰᠬᠤᠨ ᠵᠡᠷᠭᠡ 3 ᠲᠣᠰᠬᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠢ ᠰᠢᠨ᠎ᠡ ᠪᠠᠷ ᠪᠠᠶᠢᠭᠤᠯᠵᠤ᠂ ᠨᠠᠮ ᠤᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠪᠠᠲᠤ ᠴᠢᠩᠭ᠎ᠠ ᠵᠢᠭᠰᠠᠭᠠᠯ ᠤᠨ ᠭᠠᠵᠠᠷ ᠪᠣᠯᠤᠨ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠬᠠᠯᠠᠭᠤᠨ ᠳᠤᠯᠠᠭᠠᠨ ᠭᠡᠷ ᠣᠷᠣᠨ ᠢ ᠪᠤᠢ ᠪᠣᠯᠭᠠᠪᠠ᠃ ᠨᠠᠨ ᠮᠠ ᠵᠢᠶᠠ ᠽᠢ ᠲᠣᠰᠬᠤᠨ ᠤ ︽ᠳᠠᠷᠦ᠋ᠢᠬᠠᠨ ᠭᠦᠢᠴᠡᠳᠬᠡᠬᠦ︾ ᠬᠡᠷᠡᠭ ᠵᠥᠪᠯᠡᠬᠦ ᠲᠢᠩᠬᠢᠮ᠂ ᠡᠯ ᠭᠤᠸᠠᠨ ᠶᠢᠩᠽᠢ ᠲᠣᠰᠬᠤᠨ ᠤ ︽ᠲᠣᠰᠬᠤᠨ ᠤ ᠠᠷᠠᠳ ᠬᠡᠷᠡᠭ ᠬᠡᠯᠡᠬᠦ ᠲᠠᠰᠤᠭ︾ ᠢ ᠢᠳᠡᠪᠬᠢᠲᠡᠢ ᠰᠦᠪᠡᠭᠴᠢᠯᠡᠵᠦ᠂ ᠲᠣᠰᠬᠤᠨ ᠤ ᠱᠠᠲᠤᠨ ᠤ ᠵᠥᠷᠢᠴᠡᠯ ᠵᠢᠭᠤᠷᠠᠯᠳᠤᠭᠠᠨ ᠢ 20 ᠭᠠᠷᠤᠢ ᠠᠷᠢᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠢ ᠬᠥᠭᠵᠢᠭᠡᠪᠡ᠃    ᠭᠤᠷᠪᠠ ᠳᠤ ᠣᠯᠠᠨ ᠡᠰᠢᠵᠢᠭᠰᠡᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ︽ᠨᠣᠭᠤᠭ᠎ᠠ ᠵᠢᠮᠢᠰ ᠦᠬᠡᠷ︾ ᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠰᠢᠶᠠᠨ ᠤ ᠬᠡᠪᠴᠢᠶᠡᠨ ᠤ ᠭᠤᠤᠯᠯᠠᠬᠤ ᠠᠵᠤ ᠦᠢᠯᠡᠰ ᠤᠨ ᠬᠡᠯᠬᠢᠶ᠎ᠡ ᠶᠢ ᠬᠡᠯᠬᠢᠶᠡᠵᠢᠭᠦᠯᠦᠨ ᠣᠷᠣᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠤᠷᠢᠳᠴᠢᠯᠠᠨ ᠬᠢᠭᠰᠡᠨ ᠨᠣᠭᠤᠭ᠎ᠠ ᠡᠳ᠋ᠰᠢᠭᠦᠯᠬᠦ᠂ ᠢᠳᠡᠰᠢᠨ ᠨᠣᠭᠤᠭ᠎ᠠ ᠢᠯᠭᠠᠵᠤ ᠪᠣᠭᠤᠳᠠᠯᠯᠠᠵᠤ ᠰᠢᠨ᠎ᠡ ᠰᠣᠷᠭᠤᠭ ᠪᠠᠶᠢᠯᠭᠠᠬᠤ ᠬᠥᠮᠥᠷᠭᠡᠯᠡᠨ ᠬᠠᠳᠠᠭᠠᠯᠠᠬᠤ᠂ ᠡᠷᠳᠡᠨᠢ ᠰᠢᠰᠢ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠪᠠ ᠥᠨᠳᠥᠷ ᠪᠠᠷᠢᠮᠵᠢᠶᠠᠲᠤ ᠨᠡᠷᠡᠨ ᠭᠡᠷᠡᠯ ᠤᠨ ᠬᠦᠯᠡᠮᠵᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ 4 ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ︽ᠦᠢᠯᠡᠳᠪᠦᠷᠢᠯᠡᠬᠦ᠂ ᠦᠢᠯᠡᠳᠬᠦ᠂ ᠬᠠᠳᠠᠭᠠᠯᠠᠬᠤ᠂ ᠪᠣᠷᠣᠯᠠᠭᠤᠯᠬᠤ︾ ᠪᠥᠬᠦ ᠠᠵᠤ ᠦᠢᠯᠡᠰ ᠤᠨ ᠬᠥᠭᠵᠢᠯᠲᠡ ᠶᠢᠨ ᠬᠡᠯᠬᠢᠶ᠎ᠡ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ᠭᠠᠵᠠᠷ ᠵᠦᠶ ᠶᠢᠨ ᠪᠠᠶᠢᠷᠢᠯᠠᠯ᠂ ᠬᠥᠮᠦᠨ ᠠᠮᠠ ᠶᠢᠨ ᠲᠥᠪᠯᠡᠷᠡᠯ ᠵᠡᠷᠭᠡ ᠳᠠᠪᠠᠭᠤᠯᠢᠭ ᠲᠤ ᠰᠠᠭᠤᠷᠢᠯᠠᠨ᠂ 2024 ᠣᠨ ᠤ ᠪᠥᠬᠦ ᠤᠯᠤᠰ ᠤᠨ ︽ᠲᠣᠰᠬᠤᠨ ᠤ BA︾ ᠶᠢᠨ ᠪᠥᠮᠪᠥᠭᠡᠨ ᠤᠷᠤᠯᠳᠤᠭᠠᠨ ᠤ ᠤᠯᠠᠭᠠᠨᠬᠠᠳᠠ ᠶᠢᠨ ᠤᠷᠤᠯᠳᠤᠭᠠᠨ ᠤ ᠲᠣᠭᠤᠷᠢᠭ ᠤᠨ ᠰᠣᠩᠭᠤᠨ ᠰᠢᠯᠭᠠᠷᠠᠭᠤᠯᠬᠤ ᠤᠷᠤᠯᠳᠤᠭᠠᠨ ᠢ ᠡᠷᠭᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠢᠶᠠᠷ ᠭᠤᠤᠯ ᠪᠣᠯᠭᠠᠭᠰᠠᠨ ᠲᠠᠷᠢᠶᠠᠯᠠᠩ ᠵᠢᠭᠤᠯᠴᠢᠯᠠᠯ ᠤᠨ ᠰᠣᠶᠣᠯ᠂ ᠭᠤᠷᠪᠠᠨ ᠠᠵᠤ ᠦᠢᠯᠡᠰ ᠢ ᠠᠭᠤᠰᠤᠯᠴᠠᠭᠤᠯᠤᠭᠰᠠᠨ ᠠᠵᠤ ᠦᠢᠯᠡᠰ ᠤᠨ ᠠᠩᠬᠠᠨ ᠤ ᠳᠦᠷᠰᠦ ᠪᠠᠶᠢᠳᠠᠯ ᠢ ᠦᠨᠳᠦᠰᠦᠨ ᠳᠡᠭᠡᠨ ᠪᠣᠶ ᠪᠣᠯᠭᠠᠪᠠ᠃ ᠢᠩᠲᠣᠣᠷ ᠲᠡᠭᠦᠬᠦ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠪᠠᠶᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠬᠢᠯᠠᠰ ᠴᠡᠭ ᠢ ᠡᠭᠦᠳᠴᠦ᠂ ᠤᠯᠠᠨ ᠡᠵᠡᠩᠨᠡᠯᠲᠡ ᠶᠢᠨ ᠬᠡᠯᠪᠡᠷᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠢ ᠨᠡᠩ ᠬᠦᠴᠦᠷᠬᠡᠭ᠂ ᠲᠠᠷᠢᠶᠠᠴᠢᠨ ᠢ ᠨᠡᠩ ᠪᠠᠶᠠᠨ ᠴᠢᠨᠡᠭᠡᠯᠢᠭ᠂ ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号