ᠨᠢᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠤᠨ ︽ᠬᠠᠤᠯᠢ ᠪᠤᠰᠤ ᠳᠤ ᠴᠣᠬᠢᠯᠲᠠ ᠥᠭᠬᠦ︾ ᠠᠵᠢᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/12/24
    ᠨᠢᠭᠡ ᠳᠤ ︽ᠬᠠᠤᠯᠢ ᠪᠤᠰᠤ ᠳᠤ ᠴᠣᠬᠢᠯᠲᠠ ᠥᠭᠬᠦ︾ ᠳᠤᠭᠤᠶᠢᠯᠠᠩ ᠢ ᠪᠠᠶᠢᠭᠤᠯᠵᠤ᠂ ︽ᠬᠠᠤᠯᠢ ᠪᠤᠰᠤ ᠳᠤ ᠴᠣᠬᠢᠯᠲᠠ ᠥᠭᠬᠦ︾ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠶᠠᠩ ᠪᠠᠯᠭᠠᠰᠤ᠂ ᠲᠣᠰᠬᠤᠨ ᠬᠠᠮᠵᠢᠯᠴᠠᠭᠰᠠᠨ ᠫᠤᠤᠵᠢᠩ ᠢ ᠬᠠᠤᠯᠢ ᠪᠤᠰᠤ ᠪᠠᠷ ᠡᠵᠡᠩᠨᠡᠬᠦ ᠳᠤ ᠴᠣᠬᠢᠯᠲᠠ ᠥᠭᠴᠦ᠂ ᠲᠡᠭᠡᠭᠡᠪᠦᠷᠢ ᠶᠢᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠨ ᠬᠥᠳᠡᠯᠦᠯᠴᠡᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ᠂ ᠲᠣᠰᠬᠤᠨ ᠤ ᠱᠠᠲᠤᠨ ᠤ  ᠭᠡᠰᠡᠭ ᠬᠠᠮᠢᠶᠠᠷᠤᠬᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠭᠠᠵᠠᠷ ᠣᠷᠣᠨ ᠪᠣᠯᠤᠨ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠴᠤᠬᠤᠶᠢᠮᠠᠭᠴᠠ ᠴᠣᠬᠢᠯᠲᠠ ᠥᠭᠴᠦ᠂ ᠬᠤᠸᠠᠷ ᠫᠤᠤᠵᠢᠩ ᠢ ᠬᠠᠤᠯᠢ ᠪᠤᠰᠤ ᠪᠠᠷ ᠪᠣᠷᠣᠯᠠᠭᠤᠯᠤᠨ ᠬᠤᠳᠠᠯᠳᠤᠬᠤ᠂ ᠬᠠᠳᠠᠭᠠᠯᠠᠬᠤ ᠭᠤᠣᠯᠳᠠᠯᠭ᠎ᠠ ᠲᠠᠢ ᠡᠷᠦᠬᠡ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ ᠂ ᠬᠤᠸᠠᠷ ᠫᠤᠤᠵᠢᠩ ᠤᠨ ᠬᠠᠤᠯᠢ ᠪᠤᠰᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃  ᠬᠤᠶᠠᠷ ᠲᠤ᠂ ᠬᠠᠮᠲᠤᠷᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠤᠳᠠᠭ᠎ᠠ ᠪᠠ ᠡᠷᠴᠢᠮ ᠢᠶᠠᠨ ᠴᠢᠩᠭᠠᠷᠠᠭᠤᠯᠵᠤ ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠵᠦ᠂ ᠡᠳᠦᠷ ᠪᠦᠷᠢ ᠬᠠᠤᠯᠢ ᠬᠡᠷᠡᠭᠵᠢᠭᠦᠯᠬᠦ ᠲᠡᠷᠭᠡ᠂ ᠤᠬᠠᠭᠤᠯᠭ᠎ᠠ ᠶᠢᠨ ᠲᠡᠷᠭᠡ ᠬᠥᠳᠡᠯᠬᠦ᠂ ᠰᠥᠨᠢ ᠪᠠᠷ ᠬᠠᠮᠲᠤᠷᠠᠨ ᠴᠣᠬᠢᠯᠲᠠ ᠥᠭᠬᠦ ᠵᠡᠷᠭᠡ ᠬᠡᠯᠪᠡᠷᠢ ᠪᠠᠷ ᠲᠣᠤᠷ ᠲᠠᠲᠠᠬᠤ ᠬᠡᠯᠪᠡᠷᠢ ᠶᠢᠨ ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠪᠤᠰᠤ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠪᠠ᠃ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠲᠠ ᠳᠠᠬᠢ ᠲᠣᠰᠬᠤᠨ᠂ ᠲᠦᠷᠢᠶᠡᠰᠦᠯᠡᠭᠰᠡᠨ ᠭᠡᠷ ᠪᠠᠶᠢᠰᠢᠩ᠂ ᠬᠠᠶᠠᠭᠳᠠᠮᠠᠯ ᠬᠠᠭᠤᠴᠢᠨ ᠦᠢᠯᠡᠳᠪᠦᠷᠢ ᠶᠢᠨ ᠭᠡᠷ᠂ ᠪᠢᠲᠡᠭᠦᠮᠵᠢᠯᠡᠭᠰᠡᠨ ᠮᠠᠶ᠋ᠢᠭ ᠤᠨ ᠬᠦᠷᠢᠶ᠎ᠡ ᠬᠠᠰᠢᠶ᠎ᠠ ᠵᠡᠷᠭᠡ ᠳᠤ ᠬᠠᠤᠯᠢ ᠪᠤᠰᠤ ᠪᠠᠷ ᠬᠠᠳᠠᠭᠠᠯᠠᠯᠲᠠ ᠭᠠᠷᠭᠠᠵᠤ᠂ ᠬᠤᠸᠠᠷ ᠫᠤᠤᠵᠢᠩ ᠬᠤᠳᠠᠯᠳᠤᠬᠤ ᠭᠠᠵᠠᠷ ᠲᠠᠯᠠᠪᠤᠷ ᠢ ᠨᠢᠭᠡ ᠨᠢᠭᠡ ᠪᠠᠷ ᠵᠢᠭᠰᠠᠭᠠᠨ ᠪᠠᠶᠢᠴᠠᠭᠠᠵᠤ᠂ ᠬᠠᠤᠯᠢ ᠪᠤᠰᠤ ᠪᠠᠷ ᠬᠠᠳᠠᠭᠠᠯᠠᠬᠤ᠂ ᠬᠤᠳᠠᠯᠳᠤᠬᠤ ᠳᠤ ᠵᠣᠬᠢᠶᠠᠨ ᠪᠠᠶᠢᠭᠤᠯᠤᠨ ᠣᠷᠣᠯᠴᠠᠬᠤ᠂ ᠬᠥᠮᠦᠰ ᠠᠴᠠ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠭᠤᠷᠪᠠ ᠳᠤ᠂ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠤᠸᠠᠷ ᠫᠤᠤᠵᠢᠩ ᠤᠨ ᠭᠦᠢᠯᠭᠡᠭᠡ ᠶᠢ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠬᠦᠨ ᠢ ᠡᠬᠢ ᠡᠭᠦᠰᠦᠯ ᠢ ᠨᠢ ᠨᠡᠬᠡᠮᠵᠢᠯᠡᠵᠦ᠂ ᠬᠠᠤᠯᠢ ᠪᠤᠰᠤ ᠦᠢᠯᠡᠳᠬᠦᠨ ᠢ ᠬᠤᠸᠠᠷ ᠫᠤᠤᠵᠢᠩ ᠡᠵᠡᠩᠨᠡᠬᠦ ᠠᠵᠤ ᠠᠬᠤᠶᠢᠯᠠᠯ ᠢᠶᠠᠷ ᠳᠠᠮᠵᠢᠨ ᠵᠠᠬ᠎ᠠ ᠳᠡᠯᠭᠡᠭᠦᠷ ᠲᠤ ᠣᠷᠣᠭᠤᠯᠬᠤ ᠶᠢ ᠰᠡᠷᠭᠡᠶᠢᠯᠡᠨ᠎ᠡ᠃    ᠳᠥᠷᠪᠡ ᠳᠤ᠂ ᠲᠣᠰᠬᠤᠨ ᠤ ᠱᠠᠲᠤᠨ ᠤ ᠷᠠᠳᠢᠣ᠋ ᠨᠡᠪᠲᠡᠷᠡᠭᠦᠯᠭᠡ᠂ ᠸᠢᠴᠠᠲ ᠤᠨ ᠴᠤᠭᠯᠠᠷᠠᠯ᠂ ᠣᠯᠠᠨ ᠨᠡᠶᠢᠲᠡ ᠶᠢᠨ ᠳ᠋ᠤᠭᠠᠷ᠂ ᠡᠯᠭᠦᠭᠡ ᠪᠢᠴᠢᠭᠡᠰᠦ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ ᠥᠷᠭᠡᠨ ᠢᠶᠠᠷ ᠤᠬᠠᠭᠤᠯᠵᠤ᠂ ᠬᠤᠸᠠᠷ ᠫᠤᠤᠵᠢᠩ ᠤᠨ ᠨᠡᠶᠢᠲᠡᠯᠢᠭ ᠬᠡᠷᠡᠭ ᠢ ᠶᠡᠬᠡᠪᠡᠷ ᠤᠬᠠᠭᠤᠯᠵᠤ᠂ ᠢᠯᠡᠴᠢᠯᠡᠨ ᠮᠡᠳᠡᠭᠦᠯᠬᠦ ᠡᠷᠴᠢᠮ ᠢᠶᠠᠨ ᠴᠢᠩᠭᠠᠷᠠᠭᠤᠯᠤᠨ᠂ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠨ ᠨᠡᠶᠢᠲᠡᠯᠡᠵᠦ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠬᠠᠤᠯᠢ ᠪᠤᠰᠤ ᠪᠠᠷ ᠬᠠᠳᠠᠭᠠᠯᠠᠬᠤ᠂ ᠲᠡᠭᠡᠭᠡᠪᠦᠷᠢᠯᠡᠬᠦ᠂ ᠬᠤᠳᠠᠯᠳᠤᠬᠤ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号