| ᠨᠢᠭᠡ ᠳᠤ ᠴᠢᠬᠤᠯᠠ ᠶᠡᠭᠡ ᠲᠥᠷᠥᠯ ᠵᠦᠢᠯ ᠢ ᠣᠨᠢᠯᠠᠨᠠ᠃ ᠳᠤᠮᠤ ᠬᠦᠴᠦᠷᠬᠡᠭ ᠠᠵᠦ ᠠᠬᠤᠶᠢᠯᠠᠯ ᠢ ᠲᠠᠳᠠᠨ | ᠠᠪᠴᠢᠷᠠᠬᠤ ᠶᠢ ᠪᠦᠬᠦ ᠳᠠᠯ᠎ᠠ ᠪᠠᠷ ᠳᠤᠪᠤᠶᠢᠯᠭᠠᠵᠤ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ᠂ ᠦᠨᠳᠦᠷ | ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ᠂ ᠨᠡᠷᠡᠲᠦ ᠠᠵᠤ ᠠᠬᠤᠶᠢᠯᠠᠯ᠂ ᠭᠠᠶᠢᠯᠢ ᠡᠭᠦᠳᠬᠦ | ᠴᠢᠳᠠᠪᠤᠷᠢ ᠪᠠᠷ ᠦᠨᠳᠦᠷ ᠲᠦᠷᠦᠯ ᠵᠦᠢᠯ ᠢ ᠳᠠᠳᠠᠨ ᠤᠷᠤᠭᠤᠯᠵᠤ ᠠᠪᠴᠢᠷᠠᠬᠤ ᠪᠠᠷ ᠭᠤᠤᠯ ᠰᠢᠪᠳᠤᠯᠬᠤ ᠴᠢᠭᠯᠡᠯ ᠪᠠ | ᠭᠤᠤᠯᠳᠠᠯᠭ᠎ᠠ ᠪᠤᠯᠭᠠᠵᠤ᠂ ᠲᠦᠷᠦᠯ ᠵᠦᠢᠯ ᠢ ᠳᠠᠳᠠᠨ ᠤᠷᠤᠭᠤᠯᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠣᠳᠣᠬᠠᠨ ᠳᠤ᠂ ᠪᠥᠬᠦ ᠰᠢᠶᠠᠨ ᠤ 5000 ᠲᠦᠮᠡᠨ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥᠯ ᠵᠦᠢᠯ 118 ᠪᠠᠶᠢᠵᠤ᠂ ᠵᠥᠪᠳᠡᠯᠴᠡᠬᠡᠷ ᠢᠶᠠᠷ ᠪᠠᠯᠠ ᠣᠷᠣᠭᠤᠯᠤᠭᠰᠠᠨ ᠲᠤᠭ᠎ᠠ 367.26 | ᠳ᠋ᠦᠩᠰᠢᠭᠤᠷ ᠲᠥᠭᠦᠷᠢᠭ ᠲᠤ ᠬᠦᠷᠴᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ | ᠪᠣᠳᠠᠲᠠᠶᠢᠵᠢᠭᠤᠯᠤᠭᠰᠠᠨ ᠪᠠᠯᠠ ᠮᠥᠩᠭᠦ 146.6 ᠳ᠋ᠦᠩᠰᠢᠭᠤᠷ ᠲᠥᠭᠦᠷᠢᠭ ᠲᠤ ᠬᠦᠷᠴᠡᠶ᠃ | ᠬᠤᠶᠠᠷ ᠲᠤ ᠭᠤᠤᠯᠳᠠᠯᠭ᠎ᠠ ᠲᠠᠢ ᠠᠵᠤ ᠦᠢᠯᠡᠰ ᠤᠨ ᠲᠤᠭᠤᠷᠢᠨ ᠳᠤ ᠬᠤᠳᠠᠯᠳᠤᠭᠠᠴᠢᠨ ᠤᠷᠢᠨ᠎ᠠ᠃ ᠪᠣᠯᠣᠳ | ᠲᠡᠮᠦᠷ ᠬᠠᠶᠢᠯᠤᠭᠤᠯᠬᠤ᠂ ᠢᠳᠡᠭᠡᠨ ᠡᠳ᠋ᠰᠢᠭᠦᠯᠬᠦ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ | ᠭᠤᠷᠪᠠᠨ ᠤᠯᠠᠮᠵᠢᠯᠠᠯᠲᠤ ᠠᠵᠤ ᠦᠢᠯᠡᠰ ᠪᠠ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠮᠤᠤᠷ ᠤᠨ ᠡᠯᠡᠰᠦ ᠵᠡᠷᠭᠡ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠬᠤ ᠶᠢ | ᠥᠷᠨᠢᠭᠦᠯᠵᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠬᠦ ᠬᠡᠯᠬᠢᠶᠡᠰᠦ ᠶᠢ ᠴᠢᠩᠭᠠᠳᠬᠠᠬᠤ ᠪᠠᠷ | ᠬᠦᠴᠦᠯᠡᠨ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠯᠤᠰ | ᠬᠡᠳᠦ ᠶᠢᠨ ᠤᠶᠠᠯᠳᠤᠭᠰᠠᠨ ᠲᠥᠷᠥᠯ ᠵᠦᠢᠯ ᠤᠨ ᠨᠥᠭᠡᠴᠡᠯᠡᠬᠦ ᠪᠠᠶᠢᠷᠢᠰᠢᠯ ᠢ ᠪᠤᠶ ᠪᠣᠯᠭᠠᠨ᠎ᠠ᠃ ᠡᠨᠡ ᠵᠢᠯ ᠠᠴᠠ ᠨᠠᠰᠢ | ᠂ ᠨᠡᠶᠢᠲᠡ 45 ᠲᠥᠷᠥᠯ ᠵᠦᠢᠯ ᠢ ᠣᠷᠣᠭᠤᠯᠤᠨ ᠠᠪᠴᠢᠷᠠᠵᠤ᠂ ᠵᠥᠪᠳᠡᠯᠴᠡᠬᠡᠷ ᠢᠶᠠᠷ ᠪᠠᠯᠠ ᠣᠷᠣᠭᠤᠯᠤᠭᠰᠠᠨ | ᠬᠡᠮᠵᠢᠶ᠎ᠡ 150.87 ᠳ᠋ᠦᠩᠰᠢᠭᠤᠷ ᠲᠥᠭᠦᠷᠢᠭ ᠲᠤ ᠬᠦᠷᠴᠡᠶ᠃ | ᠭᠤᠷᠪᠠ ᠳᠤ ᠭᠤᠤᠯᠳᠠᠯᠭ᠎ᠠ ᠲᠠᠢ ᠣᠷᠣᠨ ᠪᠦᠰᠡ ᠶᠢ ᠳᠣᠪᠤᠶᠢᠯᠭᠠᠨ᠎ᠠ᠃ ᠠᠳᠠᠯᠢ ᠪᠤᠰᠤ ᠭᠠᠵᠠᠷ ᠣᠷᠣᠨ ᠤ | ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠰᠢᠯᠵᠢᠯᠲᠡ ᠶᠢᠨ ᠣᠨᠴᠠᠯᠢᠭ ᠢ ᠬᠢᠨᠠᠮᠠᠭᠠᠶ ᠰᠤᠳᠤᠯᠵᠤ᠂ ᠠᠷᠭ᠎ᠠ | ᠮᠠᠶ᠋ᠢᠭ ᠢ ᠣᠨᠣᠪᠴᠢᠲᠠᠶ ᠡᠷᠢᠨ ᠣᠯᠵᠤ᠂ ᠠᠵᠤ ᠦᠢᠯᠡᠰ ᠤᠨ ᠰᠢᠯᠵᠢᠯᠲᠡ ᠶᠢᠨ ᠭᠤᠤᠯᠳᠠᠯᠭ᠎ᠠ ᠲᠠᠢ ᠡᠬᠢ | ᠡᠭᠦᠰᠦᠯ ᠤᠨ ᠣᠷᠣᠨ ᠪᠦᠰᠡ ᠳᠤ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠤᠳᠤᠷᠢᠳᠤᠯᠭ᠎ᠠ ᠳᠠᠭᠠᠭᠤᠯᠤᠨ | ᠬᠠᠷᠢᠯᠴᠠᠨ ᠰᠤᠷᠪᠤᠯᠵᠢᠯᠠᠬᠤ᠂ ᠬᠤᠳᠠᠯᠳᠤᠭᠠᠴᠢᠨ ᠤᠷᠢᠬᠤ ᠶᠢ ᠵᠣᠯᠭᠠᠭᠤᠯᠬᠤ ᠠᠵᠢᠯᠯᠠᠭ᠎ᠠ ᠶᠢ ᠡᠷᠭᠢᠯᠡᠬᠦ᠂ ᠪᠦᠯᠬᠦᠮ | ᠪᠠᠶᠢᠭᠤᠯᠤᠨ ᠤᠨᠴᠠᠯᠢᠬᠳᠤ ᠠᠵᠤ ᠦᠢᠯᠡᠰ ᠢ ᠰᠢᠨᠵᠢᠯᠡᠨ ᠪᠠᠶᠢᠴᠠᠭᠠᠬᠤ᠂ ᠬᠥᠭᠵᠢᠯᠲᠡ ᠶᠢᠨ ᠲᠤᠷᠰᠢᠯᠭ᠎ᠠ ᠶᠢ | ᠰᠤᠷᠤᠯᠴᠠᠨ ᠯᠠᠪᠯᠠᠯᠲᠠ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠡᠭᠡᠵᠢᠩ ᠲᠢᠶᠠᠨᠵᠢᠨ ᠾᠧᠪᠧᠶ᠂ | ᠵᠡᠭᠦᠨ ᠬᠤᠶᠢᠲᠤ ᠶᠢᠨ ᠠᠵᠤ ᠠᠬᠤᠶ ᠶᠢᠨ ᠲᠣᠭᠤᠷᠢᠭ ᠲᠤ ᠢᠳᠡᠪᠬᠢᠲᠡᠶ ᠠᠭᠤᠰᠤᠯᠴᠠᠵᠤ᠂ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠰᠠᠨᠠᠭᠠᠴᠢᠯᠠᠭᠠᠲᠤ ᠡᠷᠬᠡ ᠶᠢ ᠡᠵᠡᠮᠰᠢᠨ᠎ᠡ᠃ ᠭᠤᠷᠪᠠᠨ ᠵᠢᠯ ᠤᠨ ᠲᠤᠷᠰᠢ᠂ ᠪᠥᠬᠦ | ᠰᠢᠶᠠᠨ ᠢᠶᠠᠷ ᠢᠶᠠᠨ ᠨᠡᠶᠢᠲᠡ 500 ᠭᠠᠷᠤᠶ ᠤᠳᠠᠭ᠎ᠠ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ 380 | ᠭᠠᠷᠤᠶ ᠠᠵᠤ ᠠᠬᠤᠶᠢᠯᠠᠯ ᠲᠠᠢ ᠵᠣᠯᠭᠠᠭᠤᠯᠵᠤ᠂ ᠨᠡᠶᠢᠲᠡ 218 ᠲᠥᠷᠥᠯ ᠵᠦᠢᠯ ᠤᠨ ᠭᠡᠷ᠎ᠡ ᠲᠣᠭᠲᠠᠵᠤ᠂ ᠶᠡᠷᠦᠩᠬᠡᠶ | ᠪᠠᠯᠠ ᠣᠷᠣᠭᠤᠯᠤᠯᠲᠠ ᠨᠢ 500 ᠳ᠋ᠦᠩᠰᠢᠭᠤᠷ ᠲᠥᠭᠦᠷᠢᠭ ᠲᠤ ᠬᠦᠷᠴᠡᠶ᠃ |