| | | ᠰᠢᠶᠠᠨ ᠤ ᠨᠠᠮ ᠤᠨ ᠬᠤᠷᠢᠶ᠎ᠠ ᠰᠤᠳᠤᠯᠤᠭᠠᠳ᠂ ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ | ᠃ | ᠨᠢᠭᠡ᠂ ᠵᠠᠷᠯᠠᠨ ᠨᠡᠶᠢᠲᠡᠯᠡᠭᠰᠡᠨ ᠨᠡᠷᠡᠰ | ᠴᠧᠨ ᠭᠦᠸᠧ ᠢᠦᠶ᠂ ᠡᠷᠡᠭᠲᠡᠶ᠂ ᠬᠢᠲᠠᠳ ᠦᠨᠳᠦᠰᠦᠲᠡᠨ᠂ 1969 ᠣᠨ ᠤ 12 ᠰᠠᠷ᠎ᠠ ᠳᠤ ᠳᠦᠷᠦᠵᠡᠶ᠂ | ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 1991 ᠣᠨ ᠤ 7 ᠰᠠᠷ᠎ᠠ ᠳᠤ ᠠᠵᠢᠯ ᠤᠨ ᠪᠠᠶᠢᠷᠢ ᠳᠤ | ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠰᠢᠶᠠᠨ ᠤ ᠪᠠᠶᠢᠴᠠᠭᠠᠬᠤ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ᠂ ᠳᠥᠷᠪᠡᠳᠦᠭᠡᠷ ᠳᠡᠰ ᠤᠨ | ᠳᠡᠭᠡᠳᠦ ᠵᠡᠷᠭᠡ ᠶᠢᠨ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠢ ᠡᠭᠦᠷᠭᠡᠯᠡᠵᠦ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠳᠣᠲᠣᠭᠠᠳᠤ | ᠪᠠᠶᠢᠭᠤᠯᠤᠮᠵᠢ ᠶᠢᠨ ᠵᠢᠩᠬᠢᠨᠢ ᠲᠤᠰᠢᠶᠠᠯᠲᠠᠨ ᠤ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠠᠶᠢᠨ᠎ᠠ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 12 ᠰᠠᠷ᠎ᠠ ᠶᠢᠨ 30 ᠤ ᠡᠳᠦᠷ ᠠᠴᠠ 2025 ᠣᠨ ᠤ 1 ᠰᠠᠷ᠎ᠠ ᠶᠢᠨ 6 ᠤ ᠡᠳᠦᠷ ᠪᠣᠯᠲᠠᠯ᠎ᠠ | ᠢᠯᠡ ᠨᠡᠶᠢᠲᠡᠯᠡᠨ᠎ᠡ᠃ | ᠭᠤᠷᠪᠠ᠂ ᠬᠦᠯᠢᠶᠡᠨ ᠠᠪᠬᠤ ᠠᠷᠭ᠎ᠠ ᠮᠠᠶ᠋ᠢᠭ | ᠨᠢᠭᠡᠴᠡ ᠪᠣᠯᠤᠨ ᠬᠤᠪᠢ ᠬᠥᠮᠦᠨ ᠰᠤᠷᠪᠤᠯᠵᠢᠯᠠᠯ ᠬᠢᠬᠦ᠂ ᠵᠠᠬᠢᠳᠠᠯ ᠳ᠋ᠢᠶᠠᠩᠬᠤᠸᠠ ᠢᠷᠡᠭᠦᠯᠬᠦ ᠵᠡᠷᠭᠡ ᠬᠡᠯᠪᠡᠷᠢ | ᠮᠠᠶ᠋ᠢᠭ ᠢᠶᠠᠷ ᠳᠠᠮᠵᠢᠭᠤᠯᠤᠨ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ | ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ | ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ | ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ | ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ | ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ | ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ ᠵᠠᠷᠯᠠᠨ ᠨᠡᠶᠢᠲᠡᠯᠡᠬᠦ ᠠᠯᠪᠠᠨ ᠬᠡᠷ ᠢ ᠨᠢᠩᠴᠧᠩ ᠰᠢᠶᠠᠨ ᠤ | ᠨᠠᠮ ᠵᠠᠰᠠᠭ ᠤᠨ ᠪᠠᠶᠢᠭᠤᠯᠤᠯᠭ᠎ᠠ ᠶᠢᠨ ᠶᠡᠷᠦᠩᠬᠡᠶᠢᠯᠡᠭᠰᠡᠨ ᠠᠯᠪᠠᠨ ᠠᠰᠠᠷ 1912 ᠥᠷᠥᠭᠡᠨ ᠳᠤ ᠲᠣᠬᠢᠷᠠᠭᠤᠯᠪᠠ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 - 12᠄ 00 | ᠂ ᠦᠳᠡ ᠶᠢᠨ ᠬᠤᠶᠢᠨ᠎ᠠ 14᠄ 30 - 17᠄ 30 | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0476︶ 12380 | ᠣᠨᠴᠠᠭᠠᠶᠢᠯᠠᠨ ᠵᠠᠷᠯᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠩᠴᠧᠩ ᠰᠢᠶᠠᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ | 2024 ᠣᠨ ᠤ 12 ᠰᠠᠷ᠎ᠠ ᠶᠢᠨ 29 ᠤ ᠡᠳᠦᠷ |