| ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ | ᠪᠦᠷᠢᠨᠰᠢᠭᠦᠯᠦᠨ᠎ᠡ᠃ ᠤᠳᠤᠷᠢᠳᠬᠤ ᠳᠤᠭᠤᠶᠢᠯᠠᠩ ᠪᠠᠶᠢᠭᠤᠯᠵᠤ᠂ 1 ᠪᠠᠯᠭᠠᠰᠤᠨ ᠤ ᠲᠠᠰ ᠤᠨ ᠺᠠᠳ᠋ᠷ 1 ᠲᠣᠰᠬᠤᠨ ᠤ | ᠲᠠᠰ ᠤᠨ ᠺᠠᠳ᠋ᠷ ᠲᠠᠢ ᠬᠠᠷᠢᠯᠴᠠᠵᠤ 1 ᠬᠡᠰᠡᠭ ᠣᠷᠣᠨ ᠢ ᠳᠠᠭᠠᠭᠠᠴᠢᠯᠠᠬᠤ ︽1 +1 +1︾ ᠵᠠᠭᠪᠤᠷ ᠢ ᠠᠪᠴᠤ᠂ | ᠺᠠᠳ᠋ᠷᠴᠤᠳ ᠤᠨ ᠨᠢᠭᠡᠳᠦᠭᠡᠷ ᠹᠷᠣᠨᠲ ᠲᠤ ᠵᠢᠯᠣᠭᠤᠳᠣᠯᠭ᠎ᠠ ᠥᠷᠨᠢᠭᠦᠯᠵᠦ᠂ ᠨᠢᠭᠡᠳᠦᠭᠡᠷ ᠹᠷᠣᠨᠲ ᠲᠤ ᠣᠷᠣᠯᠴᠠᠵᠤ | ᠴᠡᠭᠴᠡᠯᠡᠨ ᠵᠠᠰᠠᠬᠤ ᠳᠤ ᠣᠷᠣᠯᠴᠠᠬᠤ ᠶᠢ ᠦᠨᠡᠨᠬᠦ ᠪᠠᠲᠤᠯᠠᠨ᠎ᠠ᠃ ᠭᠠᠷᠠᠭ ᠤᠨ ᠰᠢᠮᠳᠠᠭᠤᠯᠤᠨ ᠪᠠᠶᠢᠴᠠᠭᠠᠬᠤ᠂ | ᠰᠠᠷ᠎ᠠ ᠶᠢᠨ ᠰᠢᠯᠭᠠᠨ ᠬᠢᠨᠠᠬᠤ ᠵᠠᠭᠪᠤᠷ ᠢ ᠠᠪᠴᠤ᠂ ᠠᠵᠢᠯᠯᠠᠬᠤ ᠳᠤᠭᠤᠶᠢᠯᠠᠩ ᠪᠠᠶᠢᠭᠤᠯᠤᠨ ᠲᠣᠰᠬᠤᠨ ᠤ | ᠮᠡᠳᠡᠭᠦᠯᠦᠯᠲᠡ ᠶᠢᠨ ᠵᠢᠱᠢᠶ᠎ᠡ ᠦᠵᠡᠭᠦᠯᠬᠦ ᠴᠡᠭ ᠢ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ ᠰᠢᠯᠭᠠᠨ ᠠᠪᠴᠤ᠂ | ᠠᠰᠠᠭᠤᠳᠠᠯ ᠢ ᠵᠠᠷᠯᠠᠨ ᠮᠡᠳᠡᠭᠳᠡᠬᠦ᠂ ᠴᠡᠭᠴᠡᠯᠡᠨ ᠰᠠᠶᠢᠵᠢᠷᠠᠭᠤᠯᠬᠤ ᠨᠠᠷᠢᠨ ᠬᠠᠭᠤᠳᠠᠰᠤ᠂ ᠪᠡᠶᠡᠯᠡᠭᠦᠯᠬᠦ ᠴᠠᠭ ᠤᠨ | ᠬᠢᠵᠠᠭᠠᠷ ᠢ ᠴᠠᠭ ᠲᠤᠬᠠᠶ ᠳᠤᠨᠢ ᠪᠠᠭᠤᠯᠭᠠᠬᠤ ᠶᠢᠨ ᠬᠠᠮᠲᠤ ᠠᠵᠢᠯ ᠤᠨ ᠱᠠᠩᠨᠠᠵᠤ ᠲᠣᠷᠭᠠᠬᠤ ᠲᠣᠭᠲᠠᠴᠠ ᠶᠢ | ᠪᠠᠶᠢᠭᠤᠯᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠠᠪᠬᠤ ᠪᠠᠷ ᠳᠠᠮᠵᠢᠭᠤᠯᠤᠨ ᠴᠡᠭᠴᠡᠯᠡᠨ ᠵᠠᠰᠠᠬᠤ ᠠᠵᠢᠯ ᠤᠨ | ᠭᠠᠷᠠᠭ ᠪᠦᠷᠢ ᠳᠠᠪᠰᠢᠯᠲᠠ ᠲᠠᠢ᠂ ᠰᠠᠷ᠎ᠠ ᠪᠦᠷᠢ ᠬᠤᠪᠢᠷᠠᠯᠲᠠ ᠲᠠᠢ ᠪᠣᠯᠬᠤ ᠶᠢ ᠠᠬᠢᠭᠤᠯᠤᠨ᠎ᠠ᠃ | ᠬᠤᠶᠠᠷ ᠲᠤ᠂ ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠨ᠂ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠶᠢ ᠠᠬᠢᠭᠤᠯᠪᠠ᠃ ︽ᠵᠢᠷᠭᠤᠭᠠᠨ ᠲᠤᠷᠠᠪᠠᠷ︾ ᠢ ᠴᠡᠭᠴᠡᠯᠡᠨ ᠵᠠᠰᠠᠬᠤ ᠳᠤ ᠭᠤᠤᠯᠳᠠᠯᠭ᠎ᠠ ᠲᠠᠢ ᠵᠢᠱᠢᠶ᠎ᠡ | ᠦᠵᠡᠭᠦᠯᠬᠦ ᠶᠢ ᠪᠦᠬᠦᠯᠢ ᠴᠣᠭᠴᠠ ᠪᠠᠷ ᠠᠬᠢᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠣᠷᠣᠨ | ᠪᠦᠰᠡ ᠳᠤ ᠳᠡᠯᠭᠡᠷᠡᠭᠦᠯᠬᠦ ᠶᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ ᠲᠣᠰᠬᠤᠨ ᠨᠢᠭᠡᠪᠦᠷᠢ ᠰᠠᠷ᠎ᠠ ᠪᠦᠷᠢ 1 | ᠵᠢᠱᠢᠶ᠎ᠡ ᠦᠵᠡᠭᠦᠯᠬᠦ ᠴᠡᠭ ᠢ ᠪᠠᠲᠤᠯᠠᠨ ᠲᠠᠨᠢᠯᠴᠠᠭᠤᠯᠵᠤ ᠭᠤᠤᠯᠳᠠᠯᠭ᠎ᠠ ᠲᠠᠢ ᠪᠣᠶ ᠪᠣᠯᠭᠠᠵᠤ᠂ ᠵᠢᠱᠢᠶ᠎ᠡ ᠦᠵᠡᠭᠦᠯᠦᠨ | ᠬᠥᠲᠥᠯᠥᠨ ᠳᠠᠭᠠᠭᠤᠯᠬᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠦᠢᠯᠡᠳᠦᠯ ᠳᠤ ᠬᠦᠷᠦᠭᠦᠯᠦᠨ᠎ᠡ᠃ ᠬᠢᠯᠢ ᠪᠠᠷ | ᠥᠩᠭᠡᠷᠡᠬᠦ ᠮᠤᠵᠢ᠂ ᠰᠢᠶᠠᠨ᠂ ᠰᠢᠶᠠᠩ ᠤᠨ ᠵᠠᠮ ᠳᠠᠭᠠᠤ ᠶᠢᠨ ᠴᠡᠭᠴᠡᠯᠡᠨ ᠵᠠᠰᠠᠬᠤ ᠶᠢ ᠴᠢᠬᠤᠯᠠ ᠵᠦᠢᠯ ᠪᠣᠯᠭᠠᠵᠤ᠂ | ᠭᠤᠷᠪᠠᠨ ᠵᠠᠮ ᠬᠠᠷᠢᠯᠴᠠᠭᠠᠨ ᠤ ᠭᠤᠣᠯ ᠱᠤᠭᠤᠮ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠲᠣᠰ | ᠲᠣᠰ ᠲᠠᠭᠠᠨ ᠬᠠᠷᠢᠭᠤᠴᠠᠵᠤ᠂ ᠬᠤᠪᠢᠶᠠᠨ ᠲᠥᠯᠥᠪᠯᠡᠵᠦ᠂ ᠴᠡᠭᠴᠡᠯᠡᠨ ᠵᠠᠰᠠᠬᠤ ᠠᠵᠢᠯ ᠤᠨ ᠭᠠᠷᠮᠠᠭᠠᠢ ᠠᠮᠵᠢᠯᠲᠠ | ᠣᠯᠬᠤ ᠪᠠᠷ ᠴᠢᠷᠮᠠᠶᠢᠨ᠎ᠠ᠃ | ᠭᠤᠷᠪᠠ ᠳᠤ᠂ ᠢᠳᠡᠪᠬᠢᠲᠡᠶ ᠪᠠᠷ ᠤᠬᠠᠭᠤᠯᠤᠨ ᠬᠥᠲᠥᠯᠥᠨ ᠵᠢᠯᠣᠭᠤᠳᠴᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠨ᠎ᠠ᠃ ᠨᠠᠮ ᠤᠨ ᠭᠡᠰᠢᠭᠦᠨ ᠤ ᠴᠡᠭᠴᠡᠯᠡᠨ ᠵᠠᠰᠠᠬᠤ ᠠᠵᠢᠯᠯᠠᠭ᠎ᠠ ᠳᠤᠮᠳᠠᠬᠢ ︽ᠲᠠᠪᠤ ᠶᠢ | ᠳᠠᠭᠠᠭᠤᠯᠬᠤ︾ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠠᠮ ᠤᠨ ᠲᠤᠭ ᠢ ᠴᠡᠭᠴᠡᠯᠡᠨ ᠵᠠᠰᠠᠬᠤ ᠡᠮᠦᠨ᠎ᠡ | ᠹᠷᠣᠨᠲ ᠲᠤ ᠨᠠᠮᠢᠷᠠᠭᠤᠯᠪᠠ᠃ ᠡᠯ᠎ᠡ ᠲᠣᠰᠬᠤᠨ ᠤ ᠬᠢᠨ ᠨᠢᠭᠡ ᠪᠦᠯᠦᠭ ᠴᠠᠭ ᠲᠠᠢ᠂ ᠤᠶᠤᠨ ᠴᠢᠳᠠᠯ ᠲᠠᠢ᠂ | ᠬᠠᠯᠠᠭᠤᠨ ᠰᠡᠳᠬᠢᠯᠭᠡ ᠲᠠᠢ᠂ ᠢᠲᠡᠭᠡᠯ ᠬᠦᠨᠳᠦ ᠲᠠᠢ ᠠᠬᠠᠮᠠᠳ ᠨᠠᠮ ᠤᠨ ᠭᠡᠰᠢᠭᠦᠨ ᠨᠥᠬᠦᠳ ᠢ ᠤᠷᠢᠶᠠᠯᠠᠵᠤ᠂ | ᠥᠪᠡᠷ ᠤᠨ ᠦᠷᠳᠡᠭ ᠪᠦᠬᠦᠢ ᠲᠣᠰᠬᠤᠨ ᠤ ︽ᠵᠢᠷᠭᠤᠭᠠᠨ ᠲᠤᠷᠠᠪᠠᠷ︾ ᠢ ᠴᠡᠭᠴᠡᠯᠡᠨ ᠵᠠᠰᠠᠬᠤ ᠠᠯᠪᠠᠨ ᠵᠢᠷᠤᠮ ᠤᠨ | ᠬᠠᠮᠢᠶᠠᠷᠴᠤ ᠬᠠᠮᠠᠭᠠᠯᠠᠬᠤ ᠠᠩᠬᠢ ᠶᠢ ᠵᠣᠬᠢᠶᠠᠨ ᠪᠠᠶᠢᠭᠤᠯᠵᠤ᠂ ᠡᠳᠡᠭᠡᠷ ᠨᠠᠮ ᠤᠨ ᠭᠡᠰᠢᠭᠦᠨ ᠨᠥᠬᠦᠳ ᠥᠪᠡᠷ ᠤᠨ | ᠭᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠲᠦᠷᠦᠭᠦᠯᠡᠨ ᠰᠠᠶᠢᠲᠤᠷ ᠬᠢᠬᠦ ᠶᠢᠨ ᠬᠠᠮᠲᠤ᠂ ᠲᠦᠷᠦᠭᠦᠯᠡᠨ | ᠤᠯᠠᠨ ᠲᠦᠮᠡᠨ ᠢ ᠲᠠᠶᠢᠴᠢᠯᠠᠨ᠂ ᠲᠦᠷᠦᠭᠦᠯᠡᠨ ᠴᠡᠭᠴᠡᠯᠡᠨ ᠵᠠᠰᠠᠬᠤ ᠳᠤ ᠣᠷᠣᠯᠴᠠᠭᠤᠯᠵᠤ᠂ ᠬᠠᠷᠢᠭᠤᠴᠠᠯᠭ᠎ᠠ ᠶᠢᠨ | ᠲᠣᠭᠤᠷᠢᠭ ᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠴᠡᠭᠴᠡᠯᠡᠨ ᠵᠠᠰᠠᠬᠤ ᠠᠵᠢᠯᠯᠠᠭ᠎ᠠ ᠶᠢ ᠬᠦᠴᠦᠲᠡᠢ | ᠥᠷᠨᠢᠭᠦᠯᠦᠭᠰᠡᠨ ᠪᠠ ᠴᠡᠭᠴᠡᠯᠡᠨ ᠵᠠᠰᠠᠭᠰᠠᠨ ᠦᠷ᠎ᠡ ᠪᠦᠲᠦᠭᠡᠯ ᠤᠨ ᠤᠷᠳᠤ ᠬᠤᠭᠤᠴᠠᠭᠠᠨ ᠤ ᠪᠦᠲᠦᠮᠵᠢᠲᠡᠢ | ᠬᠠᠮᠠᠭᠠᠯᠠᠬᠤ ᠳᠤ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢᠨ ᠦᠢᠯᠡᠳᠦᠯ ᠬᠠᠩᠭᠠᠵᠠᠢ᠃ | | | | |