ᠭᠤᠷᠪᠠᠨ ᠣᠪᠣᠭ᠎ᠠ ᠪᠠᠯᠭᠠᠰᠤ ᠭᠤᠷᠪᠠᠨ ᠠᠵᠤ ᠦᠢᠯᠡᠰ ᠢ ᠠᠭᠤᠰᠤᠯᠴᠠᠭᠤᠯᠵᠤ ᠬᠦᠴᠦᠨ ᠢᠶᠠᠨ ᠲᠥᠪᠯᠡᠷᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠮᠢᠵᠢᠷᠠᠯ ᠤᠨ ᠬᠦᠴᠦᠨ︾ ᠢ  ᠬᠥᠭᠵᠢᠭᠦᠯᠦᠨ᠎ᠡ
ᠨᠡᠶᠢᠲᠡᠯᠡᠭᠰᠡᠨ ᠴᠠᠭ᠄
2024/12/4
    ᠭᠤᠷᠪᠠᠨ ᠣᠪᠣᠭ᠎ᠠ ᠪᠠᠯᠭᠠᠰᠤ ︽ᠭᠤᠷᠪᠠᠨ ᠠᠵᠤ ᠦᠢᠯᠡᠰ ᠢ ᠠᠭᠤᠰᠤᠯᠴᠠᠭᠤᠯᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠷᠢᠮᠲᠠᠯᠠᠵᠤ᠂ ᠪᠠᠯᠭᠠᠰᠤᠨ ᠤ ᠳᠠᠪᠠᠭᠤᠯᠢᠭ ᠲᠤ ᠲᠦᠰᠢᠭᠯᠡᠨ᠂ ︽ᠬᠦᠴᠦᠷᠬᠡᠭ︾ ᠨᠢᠭᠡᠳᠦᠭᠡᠷ ᠠᠵᠤ ᠦᠢᠯᠡᠰ᠂ ︽ᠰᠢᠯᠢᠳᠡᠭ︾ ᠬᠤᠶᠠᠳᠤᠭᠠᠷ ᠠᠵᠤ ᠦᠢᠯᠡᠰ᠂ ︽ᠠᠮᠢᠳᠤᠯᠢᠭ︾  ᠭᠤᠷᠪᠠᠳᠤᠭᠠᠷ ᠠᠵᠤ ᠦᠢᠯᠡᠰ ᠢ ᠣᠷᠭᠠᠨᠢᠭ ᠢᠶᠠᠷ ᠠᠭᠤᠰᠤᠯᠴᠠᠭᠤᠯᠬᠤ᠂ ᠬᠦᠴᠦᠨ ᠢᠶᠠᠨ ᠲᠥᠪᠯᠡᠷᠡᠭᠦᠯᠦᠨ ᠬᠥᠭᠵᠢᠭᠦᠯᠬᠦ ᠶᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠭᠤᠷᠪᠠᠨ ᠣᠪᠣᠭ᠎ᠠ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠦᠢᠴᠡᠳ ᠬᠥᠳᠡᠯᠭᠡᠬᠦ ᠬᠦᠴᠦᠨ ᠬᠠᠩᠭᠠᠪᠠ᠃    ᠰᠠᠭᠤᠷᠢ ᠶᠢ ᠪᠠᠲᠤᠳᠬᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠢᠭᠡᠳᠦᠭᠡᠷ ᠠᠵᠤ ᠦᠢᠯᠡᠰ ᠢ ᠬᠥᠭᠵᠢᠭᠦᠯᠵᠦ ︽ᠰᠠᠭᠤᠷᠢ ᠲᠠᠷᠢᠶ᠎ᠠ︾ ᠶᠢ ᠬᠥᠭᠵᠢᠭᠦᠯᠪᠡ᠃ ᠲᠠᠷᠢᠶᠠᠯᠠᠩ ᠤᠨ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠭᠲᠠᠪᠤᠷᠢᠵᠢᠭᠤᠯᠵᠤ᠂ ᠲᠠᠯᠠᠪᠠᠢ ᠶᠢ ᠲᠣᠭᠲᠠᠪᠤᠷᠢᠵᠢᠭᠤᠯᠬᠤ᠂ ᠤᠨᠠᠯᠲᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠭᠦᠨᠵᠡᠭᠡᠶ ᠬᠡᠷᠡᠭᠵᠢᠭᠦᠯᠬᠦ ᠶᠢᠨ ᠬᠠᠮᠲᠤ ᠤᠯᠠᠮᠵᠢᠯᠠᠯᠲᠤ ᠳᠠᠷᠢᠬᠤ ᠠᠵᠤ ᠦᠢᠯᠡᠰ ᠢ ᠲᠠᠰ ᠳᠡᠪᠰᠢᠭᠦᠯᠵᠦ᠂ ᠴᠢᠨᠠᠷ ᠰᠠᠶᠢᠲᠠᠶ ᠤᠨᠴᠠᠯᠢᠬᠳᠤ ᠲᠠᠷᠢᠮᠠᠯ ᠤᠨ ᠲᠣᠭᠤᠷᠢᠨ ᠳᠤ᠂ ᠪᠣᠬᠢᠷᠲᠤᠯ ᠥᠬᠡᠶ᠂ ᠣᠷᠭᠠᠨᠢᠭ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ᠎ᠡ᠃ ᠭᠤᠷᠪᠠᠨ ᠣᠪᠣᠭ᠎ᠠ ᠪᠠᠯᠭᠠᠰᠤᠨ ᠳᠤ ᠲᠣᠰ ᠪᠡᠶ᠎ᠡ ᠶᠢᠨ ᠨᠠᠷᠠᠲᠤ ᠲᠡᠮᠳᠡᠭ ᠲᠠᠢ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠶᠢᠨ ᠣᠯᠠᠨ ᠪᠠᠶᠢᠷᠢᠰᠢᠯ ᠢ ᠪᠣᠶ ᠪᠣᠯᠭᠠᠨ᠎ᠠ᠃    ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠬᠡᠯᠬᠢᠶ᠎ᠡ ᠶᠢ ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠳᠤᠭᠠᠷ ᠠᠵᠤ ᠦᠢᠯᠡᠰ ᠤᠨ ᠬᠥᠭᠵᠢᠯ ᠪᠠᠳᠠᠷᠠᠯ ᠤᠨ ︽ᠰᠢᠨ᠎ᠡ ᠬᠥᠳᠡᠯᠭᠡᠬᠦ ᠡᠨᠧᠷᠭᠢ︾ ᠶᠢ ᠬᠤᠷᠠᠮᠳᠤᠭᠤᠯᠤᠨ᠎ᠠ᠃ ᠭᠤᠷᠪᠠᠨ ᠣᠪᠣᠭ᠎ᠠ ᠪᠠᠯᠭᠠᠰᠤ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠳᠠᠪᠠᠭᠤᠯᠢᠭ ᠤᠨᠴᠠᠯᠢᠬᠳᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠲᠤᠰ ᠲᠦᠷᠦᠯ ᠵᠦᠢᠯ ᠢ ᠠᠮᠵᠢᠯᠲᠠ ᠲᠠᠢ ᠪᠠᠶᠢᠭᠤᠯᠤᠭᠰᠠᠨ ᠨᠢ ᠭᠤᠷᠪᠠᠨ ᠣᠪᠣᠭ᠎ᠠ ᠪᠠᠯᠭᠠᠰᠤᠨ ᠤ ᠠᠮᠤ ᠪᠤᠳᠠᠭ᠎ᠠ ᠡᠳ᠋ᠰᠢᠭᠦᠯᠬᠦ ᠲᠤᠮᠤ ᠬᠡᠯᠪᠡᠷᠢ ᠶᠢᠨ ᠮᠠᠰᠢᠨᠴᠢᠯᠠᠯᠲᠠ ᠶᠢᠨ ᠲᠠᠯ᠎ᠠ ᠪᠠᠷ ᠬᠢ ︽ᠬᠤᠭᠤᠰᠤᠨ︾ ᠢ ᠠᠮᠵᠢᠯᠲᠠ ᠲᠠᠢ ᠨᠥᠬᠦᠪᠥᠷᠢᠯᠡᠵᠦ᠂ ᠲᠤᠬᠠᠢ ᠶᠢᠨ ᠭᠠᠵᠠᠷ ᠤᠨ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠤ ᠪᠤᠳᠠᠭ᠎ᠠ ᠶᠢ ᠭᠦᠨᠵᠡᠭᠡᠢ ᠡᠳ᠋ᠰᠢᠭᠦᠯᠬᠦ ᠶᠢ ᠠᠬᠢᠭᠤᠯᠬᠤ᠂ ᠦᠢᠯᠡᠳᠪᠦᠷᠢᠯᠡᠯ ᠤᠨ ᠨᠡᠮᠡᠯᠲᠡ ᠦᠷᠳᠡᠭ ᠢ ᠳᠡᠭᠡᠭᠰᠢᠯᠡᠭᠦᠯᠬᠦ ᠳᠤ ᠠᠬᠢᠭᠤᠯᠬᠤ ᠦᠢᠯᠡᠳᠦᠯ ᠲᠠᠢ ᠪᠠᠶᠢᠵᠤ᠂ ᠠᠵᠤ ᠠᠬᠤᠶᠢᠯᠠᠯ᠂ ᠪᠦᠲᠦᠭᠡᠭᠳᠡᠬᠦᠨ᠂ ᠲᠠᠷᠢᠶᠠᠴᠢᠨ ᠡᠷᠦᠬᠡ ᠶᠢ ᠠᠵᠤ ᠦᠢᠯᠡᠰ ᠤᠨ ᠬᠡᠯᠬᠢᠶ᠎ᠡ ᠳᠡᠭᠡᠷ᠎ᠡ ᠯᠠᠪᠳᠠᠭᠤᠨ ᠪᠠᠲᠤᠲᠠᠢ ᠰᠢᠭᠢᠳᠬᠡᠪᠡ     ᠠᠭᠤᠰᠤᠯᠴᠠᠯ ᠢ ᠠᠳᠬᠤᠬᠤ᠂ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠳᠤᠭᠠᠷ ᠠᠵᠤ ᠦᠢᠯᠡᠰ ᠤᠨ ᠴᠢᠨᠡᠭᠡᠯᠢᠭᠵᠢᠯ ᠤᠨ ︽ᠡᠯᠪᠡᠭ ᠦᠵᠡᠮᠵᠢᠲᠦ ᠵᠢᠷᠤᠭ︾ ᠢ ᠵᠢᠷᠤᠭᠯᠠᠪᠠ᠃ ᠭᠤᠷᠪᠠᠨ ᠣᠪᠣᠭ᠎ᠠ ᠠᠷᠠᠳ ᠤᠨ ᠰᠣᠶᠣᠯ ᠤᠷᠠᠯᠢᠭ ᠤᠨ ᠨᠤᠲᠤᠭ ᠪᠣᠯᠤᠭᠰᠠᠨ ᠤ ᠬᠤᠪᠢ ᠳᠤ᠂ ᠲᠤᠰ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠷᠠᠳ ᠤᠨ ᠤᠷᠠᠯᠢᠭ ᠤᠨ ᠲᠣᠭᠯᠠᠯᠲᠠ - ︽ᠡᠭᠦᠷᠬᠦ ᠲᠠᠭᠲᠤ ᠳᠠᠭᠳᠤ︾᠂ ᠹᠧᠩ ᠱᠦᠢ ᠱᠠᠨ ᠤ ᠨᠢᠭᠡᠳᠦᠭᠡᠷ ᠨᠠᠮ ᠤᠨ ᠡᠭᠦᠷ ᠪᠣᠯᠤᠨ ᠬᠤᠪᠢᠰᠬᠠᠯ ᠤᠨ ᠬᠥᠮᠦᠵᠢᠯ ᠤᠨ ᠤᠷᠳᠤ ᠬᠤᠩᠭᠢᠯ᠂ ᠸᠧᠢ ᡁᠢ ᠶᠣᠣ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠱᠤᠭᠤᠮᠠᠯ᠂ ᠰᠠᠨ ᠭᠤᠷᠪᠠᠨ ᠣᠪᠣᠭ᠎ᠠ ᠶᠢᠨ ᠤᠨᠴᠠᠯᠢᠬᠳᠤ ᠠᠷᠠᠳ ᠤᠨ ᠵᠠᠩ ᠦᠢᠯᠡ ᠶᠢᠨ ᠰᠣᠶᠣᠯ ᠤᠨ ᠲᠣᠰᠬᠤᠨ᠂ ᠶᠡᠭᠡ ᠰᠣᠩᠬᠢᠨ᠎ᠡ ᠶᠢᠨ ᠬᠤᠳᠠ ᠶᠢᠨ ᠲᠡᠰ ᠤᠨ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠵᠡᠷᠭᠡ ᠳᠤ ᠲᠦᠰᠢᠭᠯᠡᠵᠦ᠂ ᠬᠥᠳᠡᠭᠡ ᠲᠣᠰᠬᠤᠨ ᠤ ᠵᠤᠭᠠᠴᠠᠯ᠂ ᠬᠤᠪᠢᠰᠬᠠᠯ ᠤᠨ ᠰᠤᠷᠭᠠᠨ ᠬᠥᠮᠦᠵᠢᠯ᠂ ᠬᠥᠳᠡᠭᠡ ᠠᠵᠤ ᠠᠬᠤᠢ ᠶᠢᠨ ᠵᠤᠭᠠᠴᠠᠯ᠂ ᠪᠠᠶᠠᠷ ᠳᠤᠷᠠᠰᠬᠠᠯ ᠤᠨ ᠠᠵᠢᠯᠯᠠᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠤᠨᠴᠠᠯᠢᠬᠳᠤ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠨᠠᠷᠢᠨ ᠨᠢᠮᠪᠠᠢ ᠴᠣᠭᠴᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠲᠤᠰ ᠭᠠᠵᠠᠷ ᠤᠨ ᠲᠣᠰᠬᠤᠨ ᠤ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠰᠣᠶᠣᠯ ᠵᠤᠭᠠᠴᠠᠯ ᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号