| ᠪᠣᠯᠪᠠᠰᠤᠷᠠᠭᠤᠯᠤᠭᠰᠠᠨ ᠲᠣᠰᠣᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠣᠯᠪᠠᠰᠤᠷᠠᠭᠤᠯᠤᠭᠰᠠᠨ ᠲᠣᠰᠣᠨ ᠤ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠪᠠᠰᠤᠷᠠᠭᠤᠯᠤᠭᠰᠠᠨ ᠲᠣᠰᠣᠨ ᠤ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠨᠢᠭᠡ ᠳᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ | ᠃ ᠬᠠᠤᠯᠢ ᠬᠡᠷᠡᠭᠵᠢᠭᠦᠯᠬᠦ ᠠᠵᠢᠯᠲᠠᠨ ᠪᠣᠯᠪᠠᠰᠤᠷᠠᠭᠤᠯᠤᠭᠰᠠᠨ ᠴᠢᠯᠠᠭᠤᠨ ᠲᠣᠰᠣ ᠪᠣᠷᠣᠯᠠᠭᠤᠯᠬᠤ ᠠᠵᠤ ᠠᠬᠤᠶᠢᠯᠠᠯ ᠢ | ᠰᠢᠮᠳᠠᠭᠤᠯᠤᠨ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠠᠷᠠᠭ᠎ᠠ | ᠬᠠᠩᠭᠠᠭᠰᠠᠨ ᠡᠲᠡᠭᠡᠳ ᠠᠴᠠ ᠦᠢᠯᠡᠳᠬᠦᠨ ᠤ ᠬᠢᠷᠢ ᠲᠡᠩᠴᠡᠭᠰᠡᠨ ᠭᠡᠷᠡᠴᠢ ᠣᠯᠵᠤ᠂ ᠪᠠᠷᠠᠭ᠎ᠠ ᠬᠠᠩᠭᠠᠭᠰᠠᠨ | ᠲᠠᠯ᠎ᠠ ᠶᠢᠨ ᠭᠤᠣᠯ ᠴᠣᠭᠴᠠ ᠶᠢᠨ ᠬᠢᠷᠢ ᠬᠡᠮ ᠢ ᠨᠢ ᠪᠠᠶᠢᠴᠠᠭᠠᠨ ᠰᠢᠯᠭᠠᠵᠤ᠂ ᠦᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠪᠣᠭᠤᠮᠲᠠ ᠶᠢ ᠡᠬᠢ ᠡᠭᠦᠰᠦᠯ ᠠᠴᠠ ᠨᠢ ᠡᠵᠡᠮᠳᠡᠵᠦ᠂ ᠬᠠᠭᠤᠷᠮᠠᠭ ᠢᠶᠠᠷ ᠵᠢᠩᠬᠢᠨᠢ ᠶᠢ | ᠣᠷᠣᠯᠠᠭᠤᠯᠤᠭᠰᠠᠨ᠂ ᠮᠠᠭᠤ ᠪᠠᠷ ᠰᠠᠶᠢᠨ ᠢ ᠣᠷᠣᠯᠠᠭᠤᠯᠤᠭᠰᠠᠨ ᠦᠢᠯᠡᠳᠬᠦᠨ ᠢ ᠪᠣᠷᠣᠯᠠᠭᠤᠯᠵᠤ ᠪᠣᠯᠬᠤ ᠦᠭᠡᠢ᠂ | ᠬᠢᠷᠢ ᠲᠡᠩᠴᠡᠬᠦ ᠦᠭᠡᠢ ᠦᠢᠯᠡᠳᠬᠦᠨ ᠢᠶᠠᠷ ᠬᠢᠷᠢ ᠲᠡᠩᠴᠡᠭᠰᠡᠨ ᠦᠢᠯᠡᠳᠬᠦᠨ ᠢ ᠣᠷᠣᠯᠠᠭᠤᠯᠵᠤ ᠪᠣᠯᠬᠤ ᠦᠭᠡᠢ᠃ | ᠬᠤᠶᠠᠷ ᠲᠤ᠂ ᠲᠣᠰᠣᠨ ᠤ ᠵᠦᠢᠯ ᠤᠨ ᠶᠠᠰᠤ ᠴᠢᠨᠠᠷ ᠢ ᠴᠢᠩᠭ᠎ᠠ ᠪᠠᠶᠢᠴᠠᠭᠠᠨ᠎ᠠ᠃ ᠤᠯᠠᠭᠠᠨᠬᠠᠳᠠ ᠬᠤᠲᠠ ᠶᠢᠨ | ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠲᠤ ᠨᠠᠶᠢᠳᠠᠵᠤ ᠲᠤᠬᠠᠶ ᠶᠢᠨ | ᠲᠠᠯᠠᠪᠤᠷ ᠲᠤ ᠲᠣᠬᠢᠶᠠᠯᠳᠤᠯ ᠢᠶᠠᠷ ᠰᠣᠩᠭᠤᠨ ᠠᠪᠬᠤ ᠠᠷᠭ᠎ᠠ ᠮᠠᠶ᠋ᠢᠭ ᠢ ᠠᠪᠴᠤ᠂ ᠤᠯᠤᠰ ᠤᠨ VIB ᠪᠠᠷᠢᠮᠵᠢᠶ᠎ᠠ ᠶᠢ | ᠴᠢᠩᠭ᠎ᠠ ᠵᠢᠷᠤᠮᠯᠠᠨ ᠬᠠᠷᠢᠶ᠎ᠠ ᠣᠷᠣᠨ ᠤ ᠲᠣᠰᠣ ᠨᠡᠮᠡᠬᠦ ᠥᠷᠲᠡᠭᠡ ᠶᠢᠨ ᠡᠵᠡᠩᠨᠡᠨ ᠪᠣᠷᠣᠯᠠᠭᠤᠯᠬᠤ ᠴᠢᠶ᠋ᠢᠦ ᠲᠣᠰᠣ᠂ | ᠴᠠᠶᠢᠶ᠋ᠢᠤᠵᠢ ᠳᠤ ᠥᠯᠢᠭᠡᠷ ᠡᠳ᠋ ᠠᠪᠬᠤ ᠶᠢᠨ ᠬᠠᠮᠲᠤ ᠭᠠᠷ ᠤᠨ ᠥᠰᠥᠭ ᠵᠢᠷᠤᠬᠤ᠂ ᠪᠢᠲᠡᠭᠦᠮᠵᠢᠯᠡᠨ ᠬᠠᠳᠠᠭᠠᠯᠠᠬᠤ᠂ | ᠦᠯᠡᠳᠡᠭᠡᠨ ᠬᠠᠳᠠᠭᠠᠯᠠᠬᠤ᠂ ᠨᠥᠭᠡᠴᠡᠯᠡᠬᠦ ᠵᠢᠴᠢ ᠪᠥᠬᠦ ᠶᠠᠪᠤᠴᠠ ᠳᠤ ᠬᠡᠷᠡᠯ ᠵᠢᠷᠤᠭ ᠠᠪᠬᠤ ᠵᠡᠷᠭᠡ ᠠᠵᠢᠯ ᠢ ᠰᠠᠶᠢᠲᠤᠷ | ᠬᠢᠵᠦ᠂ ᠤᠯᠤᠰ ᠤᠨ ᠠᠯᠪᠠᠳᠠᠯᠭ᠎ᠠ ᠶᠢᠨ ᠪᠠᠷᠢᠮᠵᠢᠶ᠎ᠠ ᠳᠤ ᠨᠡᠶᠢᠴᠡᠬᠦ ᠥᠬᠡᠶ ᠲᠣᠰᠣᠨ ᠤ ᠵᠦᠢᠯ ᠢ ᠪᠣᠷᠣᠯᠠᠭᠤᠯᠬᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠭᠤᠷᠪᠠ ᠳᠤ ᠤᠬᠠᠭᠤᠯᠭ᠎ᠠ ᠪᠠᠨ ᠨᠡᠮᠡᠭᠳᠡᠭᠦᠯᠵᠦ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢ ᠠᠬᠢᠭᠤᠯᠤᠨ᠎ᠠ᠃ | ᠬᠠᠤᠯᠢ ᠬᠡᠷᠡᠭᠵᠢᠭᠦᠯᠬᠦ ᠠᠵᠢᠯᠲᠠᠨ ᠪᠣᠯᠪᠠᠰᠤᠷᠠᠭᠤᠯᠤᠭᠰᠠᠨ ᠴᠢᠯᠠᠭᠤᠨ ᠲᠣᠰᠣ ᠪᠣᠷᠣᠯᠠᠭᠤᠯᠬᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ | ᠴᠢᠨᠠᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ | ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ | ᠦᠷᠭᠦᠯᠵᠢᠯᠡᠨ ᠴᠢᠩᠭᠠᠷᠠᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠭᠦᠢᠴᠡᠳᠬᠡᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠪᠠᠷᠠᠭ᠎ᠠ ᠣᠷᠣᠭᠤᠯᠬᠤ᠂ ᠬᠥᠮᠥᠷᠭᠡ ᠳᠤ | ᠣᠷᠣᠭᠤᠯᠬᠤ᠂ ᠬᠠᠳᠠᠭᠠᠯᠠᠬᠤ᠂ ᠪᠣᠷᠣᠯᠠᠭᠤᠯᠬᠤ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ | ᠪᠣᠯᠪᠠᠰᠤᠷᠠᠭᠤᠯᠤᠭᠰᠠᠨ ᠲᠣᠰᠣᠨ ᠤ ᠶᠠᠰᠤ ᠴᠢᠨᠠᠷ ᠢ ᠮᠥᠷᠳᠡᠵᠦ ᠪᠣᠯᠬᠤ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | | ᠣᠳᠣᠬᠠᠨ ᠪᠣᠯᠲᠠᠯ᠎ᠠ᠂ ᠨᠡᠶᠢᠲᠡ 15 ᠲᠣᠰᠣ ᠨᠡᠮᠡᠬᠦ ᠥᠷᠲᠡᠭᠡ ᠶᠢ ᠪᠠᠶᠢᠴᠠᠭᠠᠵᠤ᠂ 30 ᠪᠦᠯᠦᠭ ᠲᠣᠰᠣ ᠶᠢ | ᠰᠤᠭᠤᠴᠢᠨ ᠪᠠᠶᠢᠴᠠᠭᠠᠵᠤ᠂ ᠰᠢᠯᠭᠠᠨ ᠪᠠᠶᠢᠴᠠᠭᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠦᠷᠭᠦᠯᠵᠢᠯᠡᠨ ᠴᠢᠩᠭᠠᠳᠬᠠᠵᠤ᠂ ᠬᠠᠭᠤᠷᠮᠠᠭ ᠮᠠᠭᠤ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠪᠣᠷᠣᠯᠠᠭᠤᠯᠬᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠤᠷᠳᠤ | ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠡᠷᠡᠭᠦᠯ | ᠲᠣᠭᠲᠠᠭᠤᠨ ᠢᠶᠠᠷ ᠬᠥᠭᠵᠢᠬᠦ ᠣᠷᠴᠢᠨ ᠨᠥᠬᠦᠴᠡᠯ ᠢ ᠪᠤᠢ ᠪᠣᠯᠭᠠᠨ᠎ᠠ᠃ | | | | | | | | | | | | | ᠁ |