| ᠬᠦᠢᠲᠡᠨ ᠤᠷᠤᠰᠬᠠᠯ ᠢ ᠢᠳᠡᠪᠬᠢᠲᠡᠢ ᠠᠷᠭᠠᠴᠠᠵᠤ᠂ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ | ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠳᠡᠭᠡᠷ᠎ᠡ | ᠬᠤᠷᠤᠭ᠎ᠠ ᠪᠠᠯᠭᠠᠰᠤ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠴᠠᠭ ᠠᠭᠤᠷ ᠢ | ᠰᠡᠷᠭᠡᠶᠢᠯᠡᠨ ᠠᠷᠭᠠᠴᠠᠬᠤ ᠠᠵᠢᠯ ᠢ ᠤᠯᠠᠨ ᠠᠷᠭ᠎ᠠ ᠬᠡᠮᠵᠢᠶ᠎ᠡ ᠪᠠᠷ ᠰᠠᠶᠢᠲᠤᠷ ᠬᠢᠵᠦ᠂ ᠤᠯᠠᠨ ᠲᠦᠮᠡᠨ ᠤ ᠬᠡᠪ ᠤᠨ | ᠦᠢᠯᠡᠳᠪᠦᠷᠢᠯᠡᠯ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃ | ᠨᠢᠭᠡ ᠳᠤ᠂ ᠠᠮᠤᠷ ᠲᠦᠪᠰᠢᠨ ᠤ ᠪᠠᠶᠢᠷᠢᠯᠠᠭᠤᠯᠤᠯᠲᠠ ᠶᠢ ᠴᠢᠩᠭᠠᠳᠬᠠᠵᠤ᠂ ᠵᠢᠵᠢᠭᠦᠷ ᠤᠨ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠦᠨ᠎ᠡ᠃ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ | ᠰᠡᠷᠭᠡᠶᠢᠯᠡᠬᠦ ᠠᠵᠢᠯ ᠳᠤ ᠪᠠᠶᠢᠷᠢᠯᠠᠭᠤᠯᠤᠯᠲᠠ ᠬᠢᠵᠦ᠂ 24 ᠴᠠᠭ ᠢᠶᠠᠷ ᠵᠢᠵᠢᠭᠦᠷᠯᠡᠬᠦ ᠳᠦᠷᠢᠮ ᠪᠣᠯᠣᠨ ᠤᠳᠤᠷᠢᠳᠤᠯᠭ᠎ᠠ | ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠠᠭᠤᠷ ᠤᠨ ᠬᠤᠪᠢᠷᠠᠯᠲᠠ ᠶᠢᠨ ᠬᠠᠨᠳᠤᠰᠢ ᠶᠢ | ᠴᠢᠩᠭ᠎ᠠ ᠠᠩᠬᠠᠷᠴᠤ᠂ ᠲᠣᠰᠬᠤᠨ ᠢᠶᠠᠷ ᠨᠢᠭᠡᠴᠢ ᠪᠣᠯᠭᠠᠨ ᠠᠶᠢᠯ ᠡᠷᠦᠬᠡ ᠳᠤ ᠬᠦᠷᠴᠦ ᠬᠦᠢᠲᠡᠨ ᠠᠭᠤᠷ ᠠᠮᠢᠰᠬᠤᠯ ᠢ | ᠰᠡᠷᠭᠡᠶᠢᠯᠡᠬᠦ ᠠᠵᠢᠯ ᠢ ᠪᠠᠶᠢᠴᠠᠭᠠᠨ ᠦᠵᠡᠵᠦ᠂ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤᠨ ᠤ ᠮᠡᠳᠡᠭᠡ | ᠵᠠᠩᠭᠢ ᠶᠢ ᠴᠠᠭ ᠲᠤᠬᠠᠢ ᠳᠤᠨᠢ ᠡᠵᠡᠮᠰᠢᠨ᠎ᠡ᠃ ᠬᠠᠷᠢᠶᠠᠲᠤ ᠣᠷᠣᠨ ᠤ ᠪᠠᠨ ᠲᠥᠬᠦᠭᠡᠷᠦᠮᠵᠢᠲᠦ ᠲᠠᠷᠢᠶᠠᠯᠠᠩ ᠪᠠ ᠮᠠᠯ | ᠠᠵᠤ ᠠᠬᠤᠢ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠶᠢᠨ ᠬᠠᠮᠲᠤ ᠣᠨᠴᠠᠭᠠᠶ ᠬᠦᠴᠢᠷᠳᠡᠯ ᠲᠠᠢ ᠬᠠᠮᠲᠤᠯᠢᠭ ᠤᠨ | ᠳᠤᠯᠠᠭᠠᠯᠠᠭ᠎ᠠ ᠬᠠᠩᠭᠠᠯᠭ᠎ᠠ ᠶᠢ ᠪᠠᠲᠤᠯᠠᠬᠤ ᠶᠢ ᠨᠢᠭᠲᠠ ᠠᠩᠬᠠᠷᠴᠤ᠂ ᠲᠡᠳᠡᠨ ᠤ ᠰᠡᠳᠬᠢᠯ ᠢ ᠳᠤᠯᠠᠭᠠᠴᠠᠭᠤᠯᠬᠤ᠂ | ᠪᠡᠶ᠎ᠡ ᠶᠢ ᠳᠤᠯᠠᠭᠠᠴᠠᠭᠤᠯᠬᠤ᠂ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠪᠠᠲᠤᠯᠠᠪᠠ᠃ | ᠬᠤᠶᠠᠷ ᠲᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭ ᠲᠤᠬᠠᠢ ᠳᠤᠨᠢ ᠮᠡᠳᠡᠭᠡ | ᠵᠠᠩᠭᠢ ᠨᠡᠶᠢᠲᠡᠯᠡᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠴᠠᠭ ᠠᠭᠤᠷ ᠤᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠢᠭᠲᠠ ᠠᠩᠬᠠᠷᠴᠤ᠂ ᠪᠠᠯᠭᠠᠰᠤ ᠲᠣᠰᠬᠤᠨ ᠤ ᠣᠯᠠᠨ ᠲᠦᠮᠡᠨ ᠳᠤ ᠣᠯᠠᠨ ᠵᠦᠢᠯ ᠤᠨ | ᠬᠡᠯᠪᠡᠷᠢ ᠪᠠᠷ ᠤᠬᠠᠭᠤᠯᠬᠤ ᠬᠡᠪᠴᠢᠶ᠎ᠡ ᠪᠠᠨ ᠥᠷᠭᠡᠳᠬᠡᠵᠦ᠂ ᠲᠤᠯᠠᠭᠠᠨ ᠤ ᠬᠤᠪᠢᠷᠠᠯᠲᠠ᠂ ᠪᠣᠷᠣᠭᠠᠨ ᠴᠠᠰᠤ᠂ ᠶᠡᠭᠡ | ᠰᠠᠯᠬᠢ ᠲᠠᠢ ᠴᠠᠭ ᠠᠭᠤᠷ ᠵᠡᠷᠭᠡ ᠤᠷᠢᠳᠴᠢᠯᠠᠨ ᠮᠡᠳᠡᠭᠡᠯᠡᠬᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠤᠭ ᠤᠨ | ᠲᠡᠷᠢᠭᠦᠨ ᠳᠤ ᠨᠡᠶᠢᠲᠡᠯᠡᠨ᠎ᠠ᠃ ᠲᠣᠰᠬᠤᠨ ᠤ ᠠᠷᠠᠳ ᠢ ᠬᠠᠪᠰᠤᠷᠤᠨ ᠲᠥᠬᠦᠭᠡᠷᠦᠮᠵᠢᠲᠦ ᠲᠠᠷᠢᠮᠠᠯ ᠤᠨ | ᠦᠢᠯᠡᠳᠪᠦᠷᠢᠯᠡᠯ ᠤᠨ ᠬᠥᠯᠳᠡᠬᠦ ᠠᠴᠠ ᠰᠡᠷᠭᠡᠶᠢᠯᠡᠬᠦ ᠰᠠᠯᠬᠢ ᠶᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ | ᠬᠢᠵᠦ᠂ ᠲᠥᠬᠦᠭᠡᠷᠦᠮᠵᠢᠲᠦ ᠲᠠᠷᠢᠮᠠᠯ ᠳᠤ ᠴᠢᠭᠯᠡᠭᠦᠯᠦᠨ ᠰᠠᠷᠠᠪᠴᠢ ᠶᠢᠨ ᠵᠢᠶᠠᠰᠠ ᠶᠢ ᠤᠷᠢᠳᠴᠢᠯᠠᠨ ᠪᠠᠶᠢᠴᠠᠭᠠᠵᠤ᠂ | ᠪᠦᠷᠬᠦᠪᠴᠢ ᠶᠢ ᠳᠠᠷᠤᠬᠤ ᠱᠤᠭᠤᠮ ᠢ ᠪᠠᠬᠢᠯᠡᠵᠦ᠂ ᠳᠤᠯᠠᠭᠠᠨ ᠢ ᠬᠠᠮᠠᠭᠠᠯᠠᠬᠤ ᠬᠥᠨᠵᠢᠯᠡ︵ᠬᠥᠰᠢᠭᠡ︶ ᠶᠢ ᠬᠠᠮᠠᠭᠠᠯᠠᠵᠤ᠂ | ᠰᠠᠯᠬᠢ ᠬᠡᠢ ᠯᠡᠪᠡᠷᠡᠬᠦ ᠠᠴᠠ ᠰᠡᠷᠭᠡᠶᠢᠯᠡᠨ᠎ᠡ᠃ | ᠭᠤᠷᠪᠠ ᠳᠤ᠂ ᠰᠡᠷᠭᠡᠶᠢᠯᠡᠯᠲᠡ ᠶᠢᠨ ᠵᠦᠭᠯᠡᠭᠦᠷ ᠢ ᠲᠣᠭᠲᠠᠭᠠᠵᠤ᠂ ᠰᠡᠷᠭᠡᠶᠢᠯᠡᠯᠲᠡ ᠶᠢᠨ ᠪᠡᠯᠡᠳᠬᠡᠯ ᠢ ᠰᠠᠶᠢᠲᠤᠷ ᠬᠢᠨ᠎ᠡ᠃ | ᠳᠤᠯᠠᠭᠠᠨ ᠢ ᠬᠠᠮᠠᠭᠠᠯᠠᠵᠤ ᠬᠦᠢᠲᠡᠨ ᠢ ᠰᠡᠷᠭᠡᠶᠢᠯᠡᠬᠦ ᠲᠥᠬᠦᠭᠡᠷᠦᠮᠵᠢ᠂ ᠲᠦᠷ ᠴᠠᠭ ᠳᠤᠯᠠᠭᠠᠯᠠᠬᠤ ᠲᠥᠬᠦᠭᠡᠷᠦᠮᠵᠢ ᠵᠡᠷᠭᠡ | ᠳᠤᠯᠠᠭᠠᠨ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠪᠴᠤ᠂ ᠬᠥᠯᠳᠡᠭᠡᠬᠦ ᠭᠠᠮᠰᠢᠭ ᠡᠭᠦᠰᠬᠦ ᠠᠴᠠ ᠵᠠᠶᠢᠯᠠᠰᠬᠢᠵᠦ᠂ | ᠫᠧᠩ ᠤᠨ ᠪᠦᠷᠬᠦᠪᠴᠢ ᠳᠡᠭᠡᠷᠡᠬᠢ ᠮᠡᠨᠡᠠ ᠲᠤᠰᠦᠯ᠂ ᠬᠤᠭ ᠲᠣᠭᠤᠰᠣ ᠶᠢ ᠴᠠᠭ ᠲᠤᠬᠠᠢ ᠳᠤ ᠨᠢ ᠴᠡᠪᠡᠷᠯᠡᠵᠦ᠂ | ᠫᠧᠩ ᠤᠨ ᠪᠦᠷᠬᠦᠪᠴᠢ ᠶᠢᠨ ᠭᠡᠷᠡᠯ ᠨᠡᠪᠲᠡᠷᠡᠬᠦ ᠴᠢᠨᠠᠷ ᠢ ᠪᠠᠲᠤᠯᠠᠨ᠎ᠠ᠃ ᠴᠢᠬᠤᠯᠠ ᠲᠠᠢ ᠦᠶ᠎ᠡ ᠳᠤ ᠬᠥᠮᠥᠨ ᠤ | ᠬᠦᠴᠦ ᠪᠠᠷ ᠬᠡᠷᠡᠯ ᠨᠥᠬᠦᠪᠦᠷᠢᠯᠡᠵᠦ᠂ ᠲᠠᠷᠢᠮᠠᠯ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠢ ᠠᠬᠢᠭᠤᠯᠤᠨ᠂ | ᠤᠷᠭᠤᠮᠠᠯ ᠤᠨ ᠡᠰᠡᠷᠭᠦᠴᠡᠬᠦ ᠴᠢᠨᠠᠷ ᠢ ᠳᠡᠭᠡᠭᠰᠢᠯᠡᠭᠦᠯᠵᠦ᠂ ᠳᠣᠣᠷ᠎ᠠ ᠳᠤᠯᠠᠭᠠᠨ ᠴᠠᠰᠤ ᠣᠷᠣᠬᠤ ᠶᠢᠨ | ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠰᠡᠷᠭᠡᠶᠢᠯᠡᠨ᠂ ︽ | ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ︾ ᠶᠢ ᠦᠨᠡᠨ ᠬᠦ | ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ | |