| ᠨᠢᠭᠡ ᠳᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ 3 ᠪᠠᠶᠢᠴᠠᠭᠠᠬᠤ | ᠳᠤᠭᠤᠶᠢᠯᠠᠩ ᠢ ᠪᠠᠶᠢᠭᠤᠯᠵᠤ᠂ ᠪᠦᠬᠦ ᠰᠢᠶᠠᠨ ᠤ ᠡᠪᠦᠯ ᠤᠨ ᠤᠯᠠᠷᠢᠯ ᠤᠨ ᠪᠠᠷᠢᠯᠭ᠎ᠠ ᠶᠢᠨ 10 ᠵᠦᠢᠯᠡᠰ ᠵᠢᠴᠢ ᠠᠵᠢᠯ | ᠵᠣᠭᠰᠣᠭᠰᠠᠨ 35 ᠵᠦᠢᠯᠡᠰ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠪᠦᠲᠦᠭᠡᠨ ᠪᠠᠶᠢᠭᠤᠯᠤᠯᠲᠠ ᠶᠢᠨ | ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠪᠠᠷᠢᠯᠭ᠎ᠠ ᠪᠠᠷᠢᠬᠤ᠂ | ᠡᠵᠡᠩᠨᠡᠬᠦ ᠵᠡᠷᠭᠡ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠥᠬᠦ ᠠᠵᠢᠯᠲᠠᠨ ᠤ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠪᠣᠳᠠᠲᠠᠢ ᠡᠵᠡᠮᠳᠡᠭᠴᠢ ᠵᠡᠷᠭᠡ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠤ ᠠᠵᠢᠯᠲᠠᠨ ᠢ ᠪᠦᠷᠢᠨ ᠲᠣᠬᠢᠷᠠᠭᠤᠯᠤᠨ᠂ | ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠮᠤᠷ ᠲᠦᠪᠰᠢᠨ ᠤ ᠪᠣᠯᠪᠠᠰᠤᠷᠠᠭᠤᠯᠤᠯ᠂ ᠭᠤᠷᠪᠠᠨ | ᠱᠠᠲᠤᠨ ᠤ ᠠᠮᠤᠷ ᠲᠦᠪᠰᠢᠨ ᠤ ᠬᠥᠮᠦᠵᠢᠯ ᠪᠠ ᠠᠮᠤᠷ ᠲᠦᠪᠰᠢᠨ ᠤ ᠮᠡᠷᠭᠡᠵᠢᠯ ᠤᠨ ᠦᠨᠳᠦᠰᠦᠨ ᠵᠦᠢᠯ ᠢ | ᠲᠤᠰᠢᠶᠠᠬᠤ ᠳᠦᠷᠢᠮ ᠢ ᠴᠢᠩᠭᠠᠷᠠᠭᠤᠯᠪᠠ᠃ | ᠬᠤᠶᠠᠷ ᠲᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠢ ᠰᠠᠶᠢᠲᠤᠷ ᠬᠢᠨ᠎ᠡ᠃ ᠰᠢᠶᠠᠨ ᠤ ᠭᠤᠷᠪᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ᠂ ᠬᠤᠶᠠᠷ | ᠬᠤᠭᠤᠯᠠᠢ ᠪᠠᠷ ᠰᠢᠲᠠᠭᠴᠢ ᠬᠡᠢ᠂ ᠬᠤᠶᠠᠷ ᠬᠡᠢ ᠨᠡᠮᠡᠬᠦ ᠥᠷᠲᠡᠭᠡᠨ ᠤ ᠰᠢᠲᠠᠭᠴᠢ ᠬᠡᠢ ᠶᠢᠨ ᠪᠠᠭᠠᠵᠢ ᠵᠢᠴᠢ ᠰᠡᠯᠪᠢᠭ | ᠲᠣᠨᠤᠭ ᠪᠣᠷᠣᠯᠠᠭᠤᠯᠬᠤ ᠠᠵᠤ ᠠᠬᠤᠶᠢᠯᠠᠯ ︵ᠨᠢᠭᠡᠴᠢ︶᠂ ᠢᠳᠡᠭᠡᠨ ᠤᠮᠳᠠᠭᠠᠨ ᠤ ᠠᠵᠤ ᠠᠬᠤᠶᠢᠯᠠᠯ ︵ᠰᠤᠷᠭᠠᠭᠤᠯᠢ | ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠢᠳᠡᠭᠡᠨ ᠤᠮᠳᠠᠭᠠᠨ ᠤ ᠭᠠᠵᠠᠷ ᠪᠠᠭᠲᠠᠨ᠎ᠠ︶ | ᠳᠤ ᠰᠢᠲᠠᠭᠴᠢ ᠬᠡᠢ ᠶᠢᠨ ᠠᠶᠤᠯᠭᠦᠢ ᠶᠢᠨ ᠲᠤᠰᠬᠠᠢ ᠪᠠᠶᠢᠴᠠᠭᠠᠯᠲᠠ ᠶᠢ ᠲᠥᠪᠯᠡᠷᠡᠭᠦᠯᠦᠨ ᠬᠢᠵᠡᠢ᠃ | ᠪᠠᠶᠢᠴᠠᠭᠠᠬᠤ ᠶᠢᠨ ᠳᠠᠭᠠᠤ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠵᠠᠷᠴᠢᠮ ᠶᠣᠰᠣᠭᠠᠷ᠂ ᠬᠡᠷᠡᠭᠯᠡᠭᠴᠢᠳ ᠲᠤ | ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠵᠥᠪ ᠣᠨᠣᠪᠴᠢᠲᠠᠶ ᠬᠡᠷᠩᠯᠡᠭᠦᠯᠦᠨᠡ᠃ | ᠭᠤᠷᠪᠠ ᠳᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ | ᠠᠵᠢᠯ ᠢ ᠰᠠᠶᠢᠲᠤᠷ ᠠᠳᠬᠤᠨ᠎ᠠ᠃ ᠥᠪᠡᠰᠦᠪᠡᠨ ᠪᠠᠷᠢᠭᠰᠠᠨ 35 ᠡᠷᠦᠬᠡ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ | ᠪᠠᠷᠢᠭᠰᠠᠨ 28 ᠡᠷᠦᠬᠡ᠂ ᠥᠪᠡᠰᠦᠪᠡᠨ ᠪᠠᠷᠢᠭᠰᠠᠨ ᠪᠤᠰᠤᠳ 7 ᠡᠷᠦᠬᠡ ᠶᠢ ᠰᠣᠩᠭᠤᠨ ᠪᠠᠶᠢᠴᠠᠭᠠᠵᠤ᠂ | ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ | ᠮᠡᠳᠡᠭᠡ ᠵᠠᠩᠭᠢ ᠶᠢ ᠣᠷᠣᠭᠤᠯᠤᠭᠰᠠᠨ ᠨᠢ ᠣᠨᠣᠪᠴᠢ ᠦᠭᠡᠢ᠂ ᠠᠮᠤᠷ ᠲᠦᠪᠰᠢᠨ ᠤ ᠳᠠᠯᠳᠠ ᠭᠡᠮ ᠢ ᠮᠡᠳᠡᠭᠳᠡᠬᠦ ᠪᠢᠴᠢᠭ | ᠲᠠᠷᠬᠠᠭᠠᠭᠰᠠᠨ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠷᠢᠶ᠎ᠠ ᠣᠷᠣᠨ ᠤ ᠬᠢᠨ ᠢ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠵᠡᠷᠭᠡ ᠳᠤ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ᠴᠡᠭᠴᠡᠯᠡᠨ ᠵᠠᠰᠠᠬᠤ ᠠᠬᠢᠴᠠ ᠪᠠᠨ ᠲᠦᠷᠭᠡᠳᠬᠡᠨ᠂ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠠᠵᠢᠯ ᠢᠶᠠᠨ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠥᠪᠡᠷ ᠢᠶᠠᠨ ᠪᠠᠷᠢᠭᠰᠠᠨ ᠭᠡᠷ | ᠪᠠᠶᠢᠰᠢᠩ ᠢ ᠬᠢᠨᠠᠨ ᠲᠣᠭᠲᠠᠭᠠᠬᠤ ᠪᠠ ᠴᠡᠭᠴᠡᠯᠡᠨ ᠵᠠᠰᠠᠬᠤ ᠪᠤᠰᠤᠳ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ | ᠳᠥᠷᠪᠡ ᠳᠤ᠂ ᠬᠤᠳᠠ ᠶᠢᠨ ᠠᠶᠤᠯᠭᠦᠢ ᠡᠵᠡᠩᠨᠡᠯᠲᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠢᠯᠴᠢ | ᠬᠠᠩᠭᠠᠬᠤ᠂ ᠤᠰᠤ ᠬᠠᠩᠭᠠᠬᠤ᠂ ᠤᠰᠤ ᠵᠠᠯᠠᠬᠤ ᠵᠡᠷᠭᠡ ᠲᠤᠰᠬᠠᠢ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠤᠨ | ᠵᠢᠯᠤᠭᠤᠳᠴᠤ ᠪᠠᠶᠢᠭᠠᠳ ᠪᠡᠯᠡᠳᠬᠡᠮᠵᠢ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ | ᠪᠠᠶᠢᠴᠠᠭᠠᠬᠤ ᠪᠠ ᠬᠠᠮᠠᠭᠠᠯᠠᠨ᠎ᠠ᠃ ᠢᠯᠴᠢ ᠬᠠᠩᠭᠠᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠣᠭᠲᠠᠭᠠᠯ | ᠱᠠᠭᠠᠷᠳᠠᠯᠭ᠎ᠠ ᠶᠣᠰᠣᠭᠠᠷ ᠭᠦᠢᠴᠡᠳ ᠡᠨᠧᠷᠭᠢ ᠨᠥᠭᠡᠴᠡᠯᠡᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ | ᠲᠣᠭᠲᠠᠴᠠ ᠶᠢ ᠪᠠᠶᠢᠭᠤᠯᠤᠨ᠂ ᠠᠳᠡᠯ ᠠᠴᠠ ᠠᠪᠤᠷᠠᠨ ᠵᠠᠪᠳᠤᠨ ᠵᠠᠰᠠᠬᠤ ᠡᠩᠨᠡᠭᠡ ᠶᠢ ᠪᠠᠶᠢᠭᠤᠯᠵᠤ᠂ ᠲᠤᠰᠬᠠᠢ | ᠮᠡᠷᠭᠡᠵᠢᠯ ᠤᠨ ᠠᠵᠢᠯᠲᠠᠨ ᠵᠢᠴᠢ ᠵᠠᠪᠳᠤᠨ ᠵᠠᠰᠠᠬᠤ ᠲᠣᠨᠤᠭ ᠲᠥᠬᠦᠭᠡᠷᠦᠮᠵᠢ᠂ ᠬᠠᠮᠠᠭᠠᠯᠠᠯᠲᠠ ᠶᠢᠨ ᠬᠡᠷᠡᠭᠰᠡᠯ᠂ ᠭᠠᠯ | ᠤᠨᠲᠠᠷᠠᠭᠠᠬᠤ ᠪᠠᠭᠠᠵᠢ ᠬᠡᠷᠡᠭᠰᠡᠯ ᠵᠡᠷᠭᠡ ᠶᠢ ᠲᠤᠬᠢᠷᠠᠭᠤᠯᠤᠨ᠎ᠠ᠃ ᠤᠰᠤ ᠬᠡᠷᠡᠭᠯᠡᠬᠦ ᠲᠥᠪ ᠵᠢᠴᠢ ᠪᠣᠬᠢᠷ ᠤᠰᠤ | ᠰᠢᠢᠳᠪᠦᠷᠢᠯᠡᠬᠦ ᠲᠥᠪ ᠢ ᠰᠢᠮᠳᠠᠭᠤᠯᠵᠤ ᠪᠠᠶᠢᠭᠠᠳ ᠦᠢᠯᠡᠳᠪᠦᠷᠢ ᠶᠢᠨ ᠲᠠᠰᠤᠭ᠂ ᠤᠰᠤᠨ ᠤ ᠰᠤᠷᠪᠤᠯᠵᠢ ᠶᠢᠨ | ᠬᠤᠳᠳᠤᠭ᠂ ᠪᠠᠷᠢᠯᠭ᠎ᠠ ᠶᠢᠨ ᠵᠦᠢᠯ ᠪᠠ ᠡᠯ᠎ᠡ ᠤᠷᠠᠨ ᠳᠠᠷᠬ᠎ᠠ ᠶᠢᠨ ᠬᠤᠭᠤᠯᠠᠢ᠂ ᠨᠡᠭᠡᠯᠡᠭᠡᠢ᠂ ᠡᠵᠡᠮᠳᠡᠬᠦ | ᠬᠡᠮᠵᠢᠭᠦᠷᠯᠢᠭ ᠵᠡᠷᠭᠡ ᠶᠢᠨ ᠬᠥᠯᠳᠡᠬᠦ ᠠᠴᠠ ᠰᠡᠷᠭᠡᠶᠢᠯᠡᠵᠦ ᠳᠤᠯᠠᠭᠠᠯᠠᠬᠤ ᠶᠢ ᠴᠢᠩᠭᠠᠳᠬᠠᠵᠤ᠂ ᠬᠢᠵᠠᠭᠠᠷ ᠲᠠᠢ ᠣᠷᠣᠨ | ᠵᠠᠢ ᠳᠤ ᠠᠵᠢᠯᠯᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠵᠢᠷᠤᠮᠵᠢᠭᠤᠯᠤᠨ᠎ᠠ᠃ |