ᠲᠡᠮᠤᠷ ᠵᠠᠮ ᠤᠨ ᠵᠡᠭᠦᠨᠲᠡᠬᠢ ᠵᠡᠭᠡᠯᠢ ᠭᠤᠳᠤᠮᠵᠢ ᠶᠢᠨ ︽ᠨᠢᠭᠤᠷᠳᠠᠨ ᠦᠢᠯᠡᠴᠢᠯᠡᠬᠦ︾ ᠥᠭᠡᠷᠡᠴᠢᠯᠡᠯᠲᠡ  ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/2/27
 ᠨᠢᠭᠡ ᠳᠤ ︽ᠭᠡᠷ ᠲᠤᠨᠢ ᠬᠦᠷᠴᠦ ᠦᠢᠯᠡᠴᠢᠯᠡᠬᠦ︾ ᠰᠢᠨ᠎ᠡ ᠵᠠᠭᠪᠤᠷ ᠢ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ  ᠨᠢ ᠲᠣᠭᠲᠠᠮᠠᠯ ᠬᠤᠭᠤᠴᠠᠭ᠎ᠠ ᠲᠠᠢ ᠪᠠᠷ ᠭᠡᠰᠩ ᠬᠠᠮᠢᠶ᠋ᠷᠤᠬᠴᠢ᠂ ᠰᠠᠶᠢᠨ ᠲᠤᠷᠠᠴᠤᠳ ᠭᠡᠷ ᠲᠤᠨᠢ ᠬᠦᠷᠴᠦ ᠬᠠᠪᠰᠤᠷᠤᠨ ᠭᠦᠢᠴᠡᠳᠭᠡᠬᠦ᠂ ᠤᠲᠠᠰᠤ ᠪᠠᠷ ᠬᠠᠯᠠᠮᠵᠢᠯᠠᠬᠤ ᠦᠢᠯᠡᠴᠢᠯᠡᠭᠡ ᠶᠢ ᠦᠷᠨᠢᠭᠦᠯᠦᠨ᠎ᠡ᠃ ᠣᠯᠠᠨ ᠲᠦᠮᠡᠨᠴᠢ ᠴᠢᠨᠠᠷᠲᠠᠢ ᠨᠡᠶᠢᠭᠡᠮᠴᠢᠯᠡᠭᠰᠡᠨ ᠲᠤᠬᠠᠢ ᠶᠢᠨ ᠲᠠᠯᠠᠪᠤᠷ ᠤᠨ ᠤᠬᠠᠭᠤᠯᠤᠨ ᠲᠠᠶᠢᠯᠪᠤᠷᠢᠯᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠲᠤ ︽ᠬᠠᠮᠤᠭ ᠤᠨ ᠣᠯᠠᠨ ᠳᠠᠭᠠᠨ ᠨᠢᠭᠡ ᠤᠳᠠᠭ᠎ᠠ ᠭᠦᠶᠦᠬᠦ︾ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ︽ᠬᠠᠮᠤᠭ ᠤᠨ ᠣᠯᠠᠨ ᠳᠠᠭᠠᠨ ᠨᠢᠭᠡ ᠤᠳᠠᠭ᠎ᠠ ᠭᠦᠶᠦᠬᠦ︾ ᠵᠦᠢᠯᠡᠰ ᠢ ᠲᠠᠨᠢᠯᠴᠠᠭᠤᠯᠬᠤ ᠶᠢᠨ ᠬᠠᠮᠲᠤ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠠᠷ ᠤᠲᠠᠰᠤᠨ ᠳᠡᠭᠡᠷ᠎ᠡ ᠠᠴᠠ APP ᠪᠠᠭᠤᠯᠭᠠᠬᠤ ᠶᠢᠨ ᠬᠠᠮᠲᠤ ᠦᠨᠡᠨ ᠨᠡᠷ᠎ᠡ ᠪᠠᠷ ᠭᠡᠷᠡᠴᠢᠯᠡᠬᠦ ᠶᠢ ᠵᠢᠯᠣᠭᠤᠳᠤᠨ᠂ ᠰᠠᠭᠤᠭᠠᠯᠢ ᠠᠷᠠᠳ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠲᠥᠬᠦᠮ ᠦᠵᠡᠭᠦᠯᠵᠦ᠂ ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠦᠨ᠎ᠡ᠃  ᠬᠤᠶᠠᠷ ᠲᠤ᠂ ᠣᠨᠴᠠᠭᠠᠶ ᠬᠠᠮᠲᠤᠯᠢᠭ ᠤᠨ ︽ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠯᠢᠳᠡᠭᠵᠢᠭᠦᠯᠦᠨ᠎ᠡ᠃ ᠨᠡᠶᠢᠭᠡᠮ ᠲᠣᠭᠤᠷᠢᠭ ᠲᠤ ︽ᠬᠤᠪᠢᠰᠬᠠᠯ ᠤᠨ ᠣᠷᠣᠯᠠᠨ ᠭᠦᠢᠴᠡᠳᠬᠡᠬᠦ ᠥᠷᠲᠡᠭᠡ︾ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠢᠯᠡᠭᠦᠬᠡᠨ ᠭᠦᠶᠦᠯᠭᠡᠵᠦ᠂ ᠬᠦᠴᠢᠷᠳᠡᠯᠲᠡᠢ ᠣᠯᠠᠨ ᠲᠦᠮᠡᠨ ᠢ ᠳᠤᠲᠠᠭᠤ ᠭᠦᠶᠦᠯᠭᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠢ ᠰᠠᠭᠤᠭᠠᠯᠢ ᠲᠣᠭᠤᠷᠢᠭ ᠲᠤ ᠣᠷᠣᠭᠤᠯᠬᠤ ᠶᠢ ᠰᠢᠨ᠎ᠡ ᠪᠠᠷ ᠡᠭᠦᠳᠴᠦ  ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠭᠡᠷ ᠲᠤᠨᠢ ᠬᠦᠷᠭᠡᠬᠦ ᠠᠵᠢᠯᠯᠠᠭ᠎ᠠ ᠶᠢ ᠥᠷᠨᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠱᠠᠭᠠᠷᠳᠠᠯᠭ᠎ᠠ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠰᠠᠶᠢᠨ ᠲᠤᠷᠠᠴᠤᠳ ᠨᠡᠶᠢᠭᠡᠮ ᠲᠣᠭᠤᠷᠢᠭ ᠲᠤᠨᠢ ᠬᠦᠷᠴᠦ᠂ ᠭᠡᠷ ᠲᠤᠨᠢ ᠬᠦᠷᠴᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠥᠷᠨᠢᠭᠦᠯᠵᠦ᠂ ᠣᠨᠴᠠᠭᠠᠢ ᠬᠠᠮᠲᠤᠯᠢᠭ ᠢ ᠭᠡᠷ ᠠᠴᠠ ᠪᠠᠨ ᠭᠠᠷᠬᠤ ᠦᠭᠡᠢ ᠪᠠᠷ ᠤᠴᠢᠷ ᠶᠠᠪᠤᠳᠠᠯ ᠢ ᠪᠦᠲᠦᠭᠡᠵᠦ᠂ ᠪᠠᠴᠢᠮ ᠲᠤᠯᠭᠠᠮ᠎ᠠ ᠠᠰᠠᠭᠤᠳᠠᠯ ᠢ ᠰᠢᠢᠳᠪᠦᠷᠢᠯᠡᠪᠡ᠃  ᠭᠤᠷᠪᠠ ᠳᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠶᠠᠰᠤ ᠴᠢᠨᠠᠷ ᠢ ᠭᠦᠨᠵᠡᠭᠡᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠬᠢᠨ ᠶᠡᠭᠡ ᠲᠢᠩᠬᠢᠮ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ  ᠶᠢ ᠰᠠᠶᠢᠵᠢᠷᠠᠭᠤᠯᠬᠤ ᠪᠠ ᠦᠢᠯᠡᠴᠢᠯᠡᠭᠡᠨ ᠤ ᠠᠷᠭ᠎ᠠ ᠮᠠᠶ᠋ᠢᠭ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠦᠯᠢᠶᠡᠬᠦ ᠣᠷᠣᠨ ᠳᠤ ᠰᠣᠨᠢᠨ ᠰᠡᠳᠬᠦᠯ ᠤᠨ ᠲᠠᠯᠪᠢᠭᠤᠷ᠂ ᠠᠮᠠᠷᠠᠯᠲᠠ ᠶᠢᠨ ᠰᠠᠭᠤᠳᠠᠯ᠂ LED ᠡᠯᠧᠺᠲᠷᠣᠨ ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠯᠣᠽᠦ᠋ᠩ ᠢ ᠲᠡᠬᠢᠨ ᠲᠠᠪᠲᠠᠨ ᠨᠡᠪᠲᠡᠷᠡᠭᠦᠯᠬᠦ᠂ ᠰᠢᠨ᠎ᠡ ᠪᠠᠷ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ︾ᠯᠠᠪᠯᠠᠯᠭ᠎ᠠ ᠶᠢᠨ ᠦᠢᠯᠡᠴᠢᠯᠡᠭᠡᠨ ᠤ ᠲᠠᠪᠴᠠᠩ ᠢ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠥᠭᠡᠳ ᠬᠡᠷᠡᠭ ᠡᠷᠬᠢᠯᠡᠬᠦ ᠲᠢᠩᠬᠢᠮ ᠳᠤ ᠢᠯᠡᠭᠦᠦ ᠬᠡᠳᠦᠨ ᠦᠢᠯᠡᠴᠢᠯᠡᠭᠡᠨ ᠤ ᠴᠣᠩᠬᠤ ᠭᠠᠷᠭᠠᠵᠤ᠂ ᠬᠡᠷᠡᠭ ᠭᠦᠢᠴᠡᠳᠭᠡᠬᠦ ᠰᠠᠭᠤᠭᠠᠯᠢ ᠠᠷᠠᠳ ᠲᠤ ᠲᠠᠭᠠᠯᠠᠮᠵᠢᠲᠠᠢ᠂ ᠳᠥᠭᠦᠮ ᠳᠥᠲᠡ ᠣᠷᠴᠢᠨ ᠲᠣᠭᠤᠷᠢᠨ ᠢ ᠬᠠᠩᠭᠠᠬᠤ ᠶᠢᠨ ᠬᠠᠮᠲᠤ᠂ ᠨᠡᠩ ᠴᠢᠨᠠᠷ ᠰᠠᠶᠢᠲᠠᠢ᠂ ᠨᠡᠩ ᠥᠨᠳᠥᠷ ᠪᠦᠲᠦᠮᠵᠢᠲᠡᠢ᠂ ᠨᠡᠩ ᠬᠠᠨᠤᠮᠵᠢᠲᠠᠢ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠶᠢ ᠬᠠᠩᠭᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号