| ᠨᠢᠩᠴᠧᠩ ᠰᠢᠶᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠥᠨᠳᠥᠷ ᠳᠠᠪᠲᠠᠮᠵᠢ ᠶᠢᠨ ᠲᠤᠬᠠᠶᠢᠯᠠᠭᠰᠠᠨ ᠠᠵᠢᠯ ᠢ | ᠡᠮᠬᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ᠂ ᠢᠳᠡᠭᠡᠨ᠂ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠣᠯᠠᠨ ᠲᠤᠬᠠᠶᠢᠯᠠᠭᠰᠠᠨ ᠠᠵᠢᠯ ᠤᠨ ᠲᠥᠷᠥᠯ ᠤᠨ ᠭᠦᠢᠴᠡᠳᠬᠡᠬᠦ ᠴᠤᠪᠤᠷᠠᠯ᠂ | ᠮᠠᠲ᠋ᠧᠷᠢᠶᠠᠯ ᠤᠨ ᠵᠠᠭᠪᠤᠷ᠂ ᠭᠤᠶᠤᠴᠢᠯᠠᠯ ᠤᠨ ᠬᠦᠰᠦᠨᠦᠭᠲᠦ᠂ ᠬᠡᠷᠡᠭᠰᠡᠬᠦ ᠦᠨᠡᠮᠯᠡᠯ ᠵᠡᠷᠭᠡ ᠲᠤᠬᠠᠶᠢᠯᠠᠭᠰᠠᠨ | ᠠᠵᠢᠯ ᠤᠨ ᠭᠦᠢᠴᠡᠳᠬᠡᠬᠦ ᠪᠥᠬᠦ ᠴᠤᠪᠤᠷᠠᠯ ᠮᠠᠲ᠋ᠧᠷᠢᠶᠠᠯ ᠤᠨ ᠬᠤᠶᠠᠷ ᠬᠡᠮᠵᠢᠯᠲᠦ ᠲᠡᠮᠳᠡᠭ ᠤᠨ ᠬᠡᠷᠡᠭ ᠭᠦᠢᠴᠡᠳᠬᠡᠬᠦ | ᠵᠦᠭᠯᠡᠭᠦᠷ ᠢ ᠲᠤᠰ ᠲᠤᠰ ᠦᠢᠯᠡᠳᠪᠡ᠃ ᠬᠤᠶᠠᠷ ᠬᠡᠮᠵᠢᠯᠲᠦ ᠲᠡᠮᠳᠡᠭ ᠤᠨ ᠦᠵᠡᠭᠦᠯᠦᠯᠭᠡ ᠶᠢᠨ ᠰᠠᠮᠪᠠᠷ᠎ᠠ ᠶᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠡᠯ᠎ᠡ ᠰᠢᠶᠠᠩ ᠪᠠᠯᠭᠠᠰᠤᠨ ᠳᠤ ᠨᠠᠭᠠᠬᠤ ᠶᠢᠨ ᠬᠠᠮᠲᠤ | ᠰᠦᠯᠵᠢᠶᠡᠨ ᠳᠡᠭᠡᠷᠡᠬᠢ ᠥᠪᠡᠰᠦᠪᠡᠨ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠤᠨ ᠺᠣᠮᠫᠢᠦ᠋ᠲ᠋ᠧᠷ ᠤᠨ | ᠬᠤᠯᠤᠭᠠᠨᠠᠴᠢᠷ ᠤᠨ ᠳᠡᠪᠢᠰᠬᠡᠷ ᠳᠡᠭᠡᠷ᠎ᠡ ᠳᠠᠷᠤᠮᠠᠯᠵᠤ᠂ ᠲᠤᠰᠬᠠᠢ ᠬᠥᠮᠥᠨ ᠲᠣᠮᠢᠯᠠᠨ ᠠᠷᠤ ᠲᠠᠪᠴᠠᠩ ᠵᠢᠴᠢ ᠬᠠᠮᠢᠶ᠎ᠠ | ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠠᠭᠠᠯᠠᠨ ᠰᠢᠨᠡᠳᠬᠡᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠺᠣᠳ᠋ ᠰᠢᠷᠪᠢᠭᠰᠡᠨ ᠤ ᠳᠠᠷᠠᠭ᠎ᠠ ᠮᠠᠲ᠋ᠧᠷᠢᠶᠠᠯ ᠤᠨ ᠨᠠᠷᠢᠨ ᠲᠠᠩᠰᠠ ᠶᠢ ᠦᠵᠡᠮᠡᠭᠴᠡ ᠲᠣᠳᠣᠷᠬᠠᠢ | ᠮᠡᠳᠡᠵᠦ᠂ ᠲᠠᠭᠯᠠᠨ ᠮᠡᠳᠡᠭᠦᠯᠵᠦ ᠳᠠᠷᠤᠮᠠᠯᠯᠠᠬᠤ ᠶᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ᠭᠦᠢᠴᠡᠳᠬᠡᠬᠦ | ᠠᠬᠢᠴᠠ ᠶᠢ ᠴᠠᠭ ᠲᠤᠬᠠᠢ ᠳᠤᠨᠢ ᠡᠵᠡᠮᠳᠡᠬᠦ ᠶᠢ ᠦᠨᠡᠨᠬᠦ ᠪᠠᠲᠤᠯᠠᠪᠠ᠃ ᠣᠳᠣᠬᠠᠨ ᠳᠤ᠂ ᠵᠢᠵᠢᠭ ᠪᠢᠴᠢᠯ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠳᠡᠩᠰᠡᠯᠡᠨ ᠡᠷᠬᠢᠯᠡᠬᠦ ᠬᠤᠶᠠᠷ ᠬᠡᠮᠵᠢᠯᠲᠦ ᠺᠣᠳ᠋ ᠢ 132᠂ ᠺᠣᠮᠫᠠᠨᠢ ᠠᠵᠤ | ᠠᠬᠤᠶᠢᠯᠠᠯ ᠤᠨ ᠲᠤᠰᠬᠠᠢ ᠠᠵᠢᠯ ᠡᠷᠭᠢᠯᠡᠬᠦ ᠵᠦᠭᠯᠡᠭᠦᠷ ᠢ 33᠂ ᠡᠮ ᠤᠨ ᠵᠦᠢᠯ ᠤᠨ ᠪᠠᠭᠠᠵᠢ ᠬᠡᠷᠡᠭᠰᠡᠯ ᠤᠨ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠢ ᠠᠵᠢᠯ ᠡᠷᠭᠢᠯᠡᠬᠦ ᠵᠦᠭᠯᠡᠭᠦᠷ ᠢ 17᠂ | ᠢᠳᠡᠭᠡᠨ ᠤ ᠵᠦᠢᠯ ᠤᠨ ᠵᠢᠵᠢᠭ ᠦᠢᠯᠡᠳᠬᠡᠯ ᠤᠨ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠢ | ᠠᠵᠢᠯ ᠡᠷᠭᠢᠯᠡᠬᠦ ᠵᠦᠭᠯᠡᠭᠦᠷ ᠢ 4 ᠦᠢᠯᠡᠳᠪᠡ᠃ |