ᠨᠢᠩᠴᠧᠩ ᠰᠢᠶᠠᠨ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠡᠯᠡᠳᠬᠡᠯ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/2/27
 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠭᠡᠵᠦ ᠪᠠᠶᠢᠭ᠎ᠠ ᠦᠶ᠎ᠡ ᠳᠤ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠯ᠎ᠡ ᠰᠤᠷᠭᠠᠭᠤᠯᠢ ᠶᠢᠨ ᠰᠤᠷᠤᠯᠭ᠎ᠠ ᠡᠬᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠪᠠᠷ ᠲᠣᠬᠢᠷᠠᠭᠤᠯᠤᠨ ᠪᠠᠶᠢᠷᠢᠯᠠᠭᠤᠯᠪᠠ᠃ ᠨᠢᠭᠡ ᠳᠤ᠂ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠪᠠᠲᠤᠯᠠᠨ᠎ᠠ᠃ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠠᠮᠠᠷᠠᠯᠲᠠ ᠶᠢᠨ ᠬᠤᠭᠤᠴᠠᠭᠠᠨ ᠤ ᠵᠣᠯᠭᠠᠯᠴᠠᠭ᠎ᠠ ᠶᠢ ᠰᠠᠶᠢᠲᠤᠷ ᠬᠢᠵᠦ᠂ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ᠂ ᠣᠶᠤᠨ ᠴᠢᠳᠠᠯ ᠢᠶᠠᠨ ᠲᠥᠪᠯᠡᠷᠡᠭᠦᠯᠦᠨ ᠢᠳᠡᠪᠬᠢᠲᠡᠢ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠰᠤᠷᠤᠯᠴᠠᠯᠭ᠎ᠠ ᠳᠠᠭᠠᠨ ᠣᠷᠣᠯᠴᠠᠭᠤᠯᠤᠨ᠎ᠠ᠃ ᠡᠯ᠎ᠡ ᠰᠤᠷᠭᠠᠭᠤᠯᠢ ᠨᠤᠭᠤᠳ ᠱᠠᠭᠠᠷᠳᠠᠯᠭ᠎ᠠ ᠶᠣᠰᠣᠭᠠᠷ ᠰᠤᠷᠤᠯᠭ᠎ᠠ ᠶᠢᠨ ᠬᠤᠭᠤᠴᠠᠭᠠᠨ ᠤ ᠡᠬᠢᠨ ᠤ ᠪᠠᠭᠰᠢ ᠶᠢᠨ ᠪᠣᠯᠪᠠᠰᠤᠷᠠᠭᠤᠯᠤᠯ ᠢ ᠰᠠᠶᠢᠲᠤᠷ ᠥᠷᠨᠢᠭᠦᠯᠵᠦ᠂ ᠪᠣᠯᠪᠠᠰᠤᠷᠠᠭᠤᠯᠤᠯ ᠤᠨ ᠴᠠᠭ ᠨᠢ ᠭᠦᠢᠴᠡᠳ᠂ ᠶᠠᠰᠤ ᠴᠢᠨᠠᠷ ᠨᠢ ᠥᠨᠳᠥᠷ᠂ ᠦᠷ᠎ᠡ ᠪᠦᠲᠦᠮᠵᠢ ᠨᠢ ᠰᠠᠶᠢᠨ ᠪᠠᠶᠢᠬᠤ ᠶᠢ ᠪᠠᠲᠤᠯᠠᠨ᠎ᠠ᠃ ᠬᠤᠶᠠᠷ ᠲᠤ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠰᠠᠶᠢᠲᠤᠷ ᠬᠢᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠠᠳᠠᠯᠢ ᠪᠤᠰᠤ ᠨᠠᠰᠤᠨ ᠤ ᠱᠠᠲᠤᠨ ᠤ ᠰᠤᠷᠤᠭᠴᠢᠳ ᠤᠨ ᠣᠨᠴᠠᠯᠢᠭ ᠲᠠᠢ ᠤᠶᠠᠯᠳᠤᠭᠤᠯᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢᠳᠤ ᠴᠣᠪᠣᠭᠤᠯᠢᠭ᠂ ᠡᠷᠡᠭᠦᠯ ᠥᠭᠡᠳᠡᠷᠬᠡᠭ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ ᠭᠡᠷ ᠤᠨ ᠠᠬᠠᠮᠠᠳ ᠢ ᠬᠥᠲᠥᠯᠥᠨ ᠵᠢᠯᠤᠭᠤᠳᠴᠤ ᠪᠠᠶᠢᠭᠠᠳ ᠡᠴᠢᠭᠡ ᠡᠬᠡ ᠦᠷ᠎ᠡ ᠬᠡᠦᠬᠡᠳ ᠲᠠᠢ ᠪᠠᠨ ᠬᠠᠷᠢᠯᠴᠠᠬᠤ᠂ ᠬᠦᠯᠢᠴᠡᠩᠭᠦᠢ ᠪᠠᠷ ᠰᠣᠯᠢᠯᠴᠠᠬᠤ ᠶᠢ ᠴᠢᠩᠭᠠᠳᠬᠠᠵᠤ᠂ ᠰᠤᠷᠭᠠᠭᠤᠯᠢ ᠡᠬᠢᠯᠡᠬᠦ ᠠᠴᠠ ᠡᠮᠦᠨ᠎ᠡ ᠬᠡᠦᠬᠡᠳ ᠢ ᠬᠠᠪᠰᠤᠷᠤᠨ ᠢᠳᠡᠪᠬᠢᠲᠡᠢ ᠪᠥᠭᠡᠳ ᠪᠠᠶᠠᠰᠤᠩᠭᠤᠢ ᠰᠡᠳᠬᠢᠯᠭᠡ ᠲᠠᠢ ᠪᠠᠶᠢᠯᠭᠠᠨ᠎ᠠ᠃ ᠭᠤᠷᠪᠠ ᠳᠤ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠤᠨ ᠰᠤᠷᠭᠠᠭᠤᠯᠢ ᠡᠬᠢᠯᠡᠬᠦ ᠠᠴᠠ ᠡᠮᠦᠨ᠎ᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠢᠳᠡᠭᠡᠨ ᠤ ᠠᠷᠢᠭᠤᠨ ᠴᠡᠪᠡᠷ ᠪᠠ ᠤᠤᠭᠤᠬᠤ ᠤᠰᠤᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠠᠮᠤᠷ ᠲᠦᠪᠰᠢᠨ ᠤ ᠬᠥᠮᠦᠵᠢᠯ ᠤᠨ ᠠᠩᠬᠠᠨ ᠤ ᠬᠢᠴᠢᠶᠡᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠠᠭ ᠲᠤᠬᠠᠢ  ᠳᠤᠨᠢ ᠥᠷᠨᠢᠭᠦᠯᠦᠨ᠂ ᠪᠠᠭᠰᠢ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠦᠪᠡᠷᠲᠡᠭᠡᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠦᠯᠵᠢᠶᠡᠨ ᠤ ᠲᠠᠪᠴᠠᠩ ᠵᠡᠷᠭᠡ ᠡᠯ᠎ᠡ ᠱᠠᠲᠤᠨ ᠤ ᠡᠯ᠎ᠡ ᠲᠦᠷᠦᠯ ᠤᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠴᠠᠭ ᠲᠤᠬᠠᠢ ᠳᠤ ᠨᠢ ᠠᠷᠢᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号