| ᠨᠢᠭᠡ ᠳᠤ ᠲᠠᠪᠴᠠᠩ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ | ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠦᠨ᠎ᠡ᠃ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ | ᠲᠦᠰᠢᠭᠯᠡᠨ᠂ ᠲᠥᠷᠥᠯ ᠵᠦᠢᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ᠲᠠᠷᠢᠶᠠᠯᠠᠩ ᠤᠨ ᠮᠡᠷᠭᠡᠵᠢᠯ ᠢᠶᠠᠷ | ᠵᠢᠯᠤᠭᠤᠳᠬᠤ᠂ ᠰᠣᠩᠭᠤᠨ ᠪᠣᠶᠢᠵᠢᠭᠤᠯᠵᠤ ᠳᠡᠯᠭᠡᠷᠡᠭᠦᠯᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ | ᠲᠣᠬᠢᠷᠠᠭᠤᠯᠤᠨ ᠬᠦᠷᠭᠡᠬᠦ᠂ ᠨᠡᠶᠢᠭᠡᠮᠴᠢᠯᠡᠭᠰᠡᠨ ᠦᠢᠯᠡᠴᠢᠯᠡᠭᠡ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ᠂ ᠪᠡᠯᠡ | ᠮᠥᠩᠭᠦ ᠶᠢᠨ ᠣᠬᠤᠷ ᠬᠤᠭᠤᠴᠠᠭᠠᠨ ᠤ ᠬᠠᠷᠢᠯᠴᠠᠨ ᠬᠠᠪᠰᠤᠷᠤᠯᠴᠠᠬᠤ︾ ᠴᠢᠳᠠᠮᠵᠢ ᠶᠢ ᠨᠢᠭᠡ ᠴᠣᠭᠴᠠᠵᠢᠭᠤᠯᠤᠭᠰᠠᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ᠲᠤᠰ ᠺᠣᠮᠫᠠᠨᠢ ᠮᠦᠭᠳᠡᠨ ᠤ ᠲᠦᠷᠪᠡᠨ ᠠᠬ᠎ᠠ ᠳᠡᠭᠦᠦ | ᠪᠦᠯᠦᠭᠯᠡᠯ᠂ ᠤᠯᠠᠭᠠᠨᠬᠠᠳᠠ ᠶᠢᠨ ᠭᠠᠵᠠᠷ ᠰᠢᠷᠣᠢ ᠶᠢᠨ ᠠᠵᠤ ᠦᠢᠯᠡᠳᠪᠦᠷᠢ ᠶᠢᠨ ᠠᠮᠢ ᠠᠬᠤᠢ ᠶᠢᠨ ᠬᠢᠵᠠᠭᠠᠷᠲᠤ | ᠺᠣᠮᠫᠠᠨᠢ᠂ ᠨᠢᠩᠴᠧᠩ ᠰᠢᠶᠠᠨ ᠤ ᠢᠦᠢ ᠯᠢᠶᠠᠨ ᠲᠠᠷᠢᠮᠠᠯ ᠤᠨ ᠲᠤᠰᠬᠠᠢ ᠬᠤᠷᠰᠢᠶ᠎ᠠ ᠵᠡᠷᠭᠡ ᠠᠵᠤ ᠠᠬᠤᠶᠢᠯᠠᠯ ᠲᠠᠢ | ᠬᠠᠮᠲᠤᠷᠠᠵᠤ᠂ ᠬᠢᠮᠢ ᠶᠢᠨ ᠪᠣᠷᠳᠣᠭᠤᠷ᠂ ᠲᠠᠷᠢᠶᠠᠨ ᠦᠷ᠎ᠡ᠂ ᠰᠦᠯᠢᠶᠥᠦ ᠪᠦᠷᠬᠦᠪᠴᠢ ᠵᠡᠷᠭᠡ ᠡᠳ᠋ ᠪᠣᠳᠠᠰ ᠢ | ᠴᠤᠭᠯᠠᠭᠤᠯᠬᠤ ᠪᠠ ᠬᠠᠩᠭᠠᠬᠤ ᠶᠢ ᠬᠡᠷᠡᠭᠵᠢᠭᠦᠯᠵᠦ᠂ ᠲᠠᠷᠢᠶᠠᠴᠢᠳ ᠲᠤ ᠬᠠᠮᠤᠭ ᠤᠨ ᠶᠡᠭᠡ ᠠᠰᠢᠭ ᠬᠤᠨᠵᠢᠪᠤᠷᠢ | ᠣᠯᠭᠤᠵᠠᠢ᠃ 500 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠧᠵᠢᠶᠠᠩ ᠤᠨ ᠾᠧ ᠵᠢᠶᠠ ᠬᠤᠸᠠᠨ ᠬᠡᠳᠦ | ᠳᠡᠯᠭᠡᠭᠦᠷ ᠲᠠᠢ ᠬᠠᠮᠲᠤᠷᠠᠨ ᠮᠠᠩᠨᠤᠳ ᠤᠨ ᠠᠷᠠᠳ ᠤᠨ ᠠᠮᠢᠳᠤᠷᠠᠯ ᠤᠨ ᠬᠡᠳᠦ ᠳᠡᠯᠭᠡᠭᠦᠷ ᠢ ᠪᠠᠶᠢᠭᠤᠯᠵᠤ᠂ ᠡᠳᠦᠷ | ᠲᠤᠲᠤᠮ ᠤᠨ ᠬᠡᠷᠡᠭᠯᠡᠭᠡᠨ ᠤ ᠵᠦᠢᠯ ᠢ ᠲᠣᠬᠢᠷᠠᠭᠤᠯᠤᠨ ᠬᠦᠷᠭᠡᠬᠦ ᠦᠢᠯᠡᠴᠢᠯᠡᠭᠡ ᠭᠠᠷᠭᠠᠵᠤ᠂ ᠪᠤᠶᠢᠳᠠ ᠪᠥᠭᠯᠡᠭᠦᠦ | ᠲᠠᠷᠢᠶᠠᠴᠢᠨ ᠡᠷᠦᠬᠡ ᠳᠤ ᠡᠳ᠋ ᠪᠣᠳᠠᠰ ᠤᠨ ᠬᠠᠩᠭᠠᠯᠭ᠎ᠠ ᠶᠢᠨ ︽ᠬᠠᠮᠤᠭ ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠪᠡ᠃ | ᠬᠤᠶᠠᠷ ᠲᠤ᠂ ᠦᠢᠯᠡᠴᠢᠯᠡᠭᠡᠨ ᠤ ᠬᠡᠯᠬᠢᠶ᠎ᠡ ᠶᠢ ᠲᠡᠭᠦᠯᠳᠡᠷᠵᠢᠭᠦᠯᠵᠦ᠂ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠦᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠣᠳᠠᠲᠤ ᠬᠦᠴᠦᠨ ᠢ ᠳᠡᠭᠡᠭᠰᠢᠯᠡᠭᠦᠯᠪᠡ᠃ ᠲᠠᠷᠢᠶᠠᠯᠠᠩ ᠳᠤ | ᠦᠢᠯᠡᠴᠢᠯᠡᠬᠦ ᠬᠢᠵᠠᠭᠠᠷᠲᠤ ᠺᠣᠮᠫᠠᠨᠢ ᠳᠤ ᠲᠦᠰᠢᠭᠯᠡᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | 15 ᠭᠠᠴᠠᠭᠠᠨ ᠤ 620 ᠨᠡᠷᠡᠰ ᠲᠠᠷᠢᠶᠠᠯᠠᠩ ᠤᠨ ᠮᠧᠬᠠᠨᠢᠭᠴᠢ᠂ 1400 ᠰᠠᠭᠤᠷᠢ ︵ᠢᠵᠢ︶ ᠲᠠᠷᠢᠶᠠᠯᠠᠩ ᠤᠨ | ᠮᠠᠰᠢᠨ ᠪᠠᠭᠠᠵᠢ ᠪᠠᠷ ︽ᠲᠠᠷᠢᠶᠠᠴᠢᠳ ᠤᠨ ᠮᠠᠰᠢᠨ ᠢᠶᠠᠷ ᠲᠠᠷᠢᠶᠠᠯᠠᠬᠤ ᠠᠩᠭᠢ︾ ᠶᠢ ᠪᠠᠶᠢᠭᠤᠯᠤᠨ᠂ ᠲᠠᠷᠢᠶᠠᠯᠠᠩ ᠤᠨ | ᠮᠡᠷᠭᠡᠵᠢᠯ᠂ ᠲᠠᠷᠢᠶᠠᠯᠠᠩ ᠤᠨ ᠮᠠᠰᠢᠨ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠨ ᠢ ᠤᠷᠢᠵᠤ ᠵᠥᠪᠯᠡᠭᠴᠢ ᠪᠣᠯᠭᠠᠵᠤ᠂ | ᠭᠠᠴᠠᠭᠠᠨ ᠤ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠮᠡᠷᠭᠡᠵᠢᠯ ᠤᠨ ᠦᠢᠯᠡᠴᠢᠯᠡᠭᠡ ᠬᠠᠩᠭᠠᠪᠠ᠃ ᠲᠤᠰᠬᠠᠢ | ᠮᠡᠷᠭᠡᠵᠢᠯ ᠤᠨ ᠪᠣᠯᠪᠠᠰᠤᠷᠠᠯ ᠰᠤᠷᠤᠯᠴᠠᠯᠭ᠎ᠠ᠂ ᠨᠢᠭᠡᠳᠦᠭᠡᠷ ᠹᠷᠣᠨᠲ ᠤᠨ ᠦᠢᠯᠡᠳᠦᠯᠭᠡ ᠶᠢᠨ ᠪᠣᠯᠪᠠᠰᠤᠷᠠᠯ ᠢᠶᠠᠷ | ᠳᠠᠮᠵᠢᠭᠤᠯᠤᠨ᠂ ᠮᠡᠷᠭᠡᠵᠢᠯ ᠲᠠᠢ᠂ ᠬᠠᠮᠢᠶᠠᠷᠤᠯᠲᠠ ᠬᠢᠵᠦ ᠴᠢᠳᠠᠬᠤ᠂ ᠤᠯᠠᠨ ᠲᠦᠮᠡᠨ ᠲᠠᠢ ᠣᠶᠢᠷᠠᠲᠤᠭᠰᠠᠨ ᠲᠤᠰᠬᠠᠢ | ᠮᠡᠷᠭᠡᠵᠢᠯ ᠤᠨ ᠪᠦᠯᠬᠦᠮ ᠢ ᠪᠠᠶᠢᠭᠤᠯᠵᠤ᠂ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠪᠡ᠃ | ᠭᠤᠷᠪᠠ ᠳᠤ ᠰᠡᠳᠬᠢᠴᠡ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠲᠠᠷᠢᠶᠠᠴᠢᠳ ᠤᠨ ᠥᠪᠡᠷ ᠤᠨ ᠦᠷᠳᠡᠭ ᠢᠶᠠᠨ ᠠᠷᠪᠢᠯᠠᠨ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠪᠡ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ | ᠭᠠᠷᠳᠠᠴᠠ ᠪᠣᠯᠭᠠᠪᠠ᠃ ᠲᠠᠷᠢᠶᠠᠴᠢᠨ ᠪᠣᠯᠣᠨ ᠡᠯ᠎ᠡ ᠲᠦᠷᠦᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ ᠳᠤ ᠲᠠᠷᠢᠶᠠᠯᠠᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ᠂ ᠪᠣᠷᠣᠯᠠᠭᠤᠯᠬᠤ ᠵᠡᠷᠭᠡ | ᠰᠢᠷᠢᠰᠵᠢᠭᠦᠯᠦᠭᠰᠡᠨ ᠦᠢᠯᠡᠴᠢᠯᠡᠭᠡ ᠶᠢ ᠢᠳᠡᠪᠬᠢᠲᠡᠢ ᠪᠠᠷ ᠬᠠᠩᠭᠠᠵᠤ᠂ ᠲᠠᠷᠢᠶᠠᠴᠢᠳ ᠲᠤ︽ᠲᠣᠪᠶᠤᠭ ᠤᠨ ᠬᠡᠯᠪᠡᠷᠢ︾᠂ | ︽ᠪᠦᠬᠦ ᠬᠡᠯᠬᠢᠶ᠎ᠡ ᠶᠢᠨ ᠬᠡᠯᠪᠡᠷᠢ︾ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠠᠩᠭᠠᠪᠠ᠃ 2024 ᠣᠨ ᠳᠤ᠂ | ᠨᠡᠶᠢᠭᠡᠮᠴᠢᠯᠡᠭᠰᠡᠨ ᠦᠢᠯᠡᠴᠢᠯᠡᠭᠡᠨ︵ᠭᠠᠵᠠᠷ ᠰᠢᠷᠣᠢ ᠶᠢ ᠪᠦᠬᠦᠨ ᠢ ᠨᠠᠶᠢᠳᠠᠨ ᠬᠠᠮᠢᠶᠠᠷᠤᠭᠤᠯᠬᠤ︶ ᠤ ᠲᠠᠯᠠᠪᠠᠢ | ᠵᠢᠱᠢᠯᠲᠡ ᠪᠠᠷ 5 ᠲᠦᠮᠡᠨ ᠮᠦ ᠳᠤ ᠬᠦᠷᠴᠦ᠂ ᠶᠡᠷᠦᠩᠬᠡᠢ ᠦᠢᠯᠡᠴᠢᠯᠡᠭᠡᠨ ᠤ ᠲᠠᠯᠠᠪᠠᠢ 15 ᠲᠦᠮᠡᠨ ᠮᠦ ᠶᠢ ᠳᠠᠪᠠᠵᠤ᠂ | ᠲᠠᠷᠢᠶᠠᠴᠢᠳ ᠢ ᠬᠠᠪᠰᠤᠷᠤᠨ ᠲᠠᠷᠢᠶ᠎ᠠ ᠳᠠᠷᠢᠬᠤ ᠳᠤ ᠳᠤᠮᠳᠠᠴᠢ ᠪᠠᠷ 150 ᠲᠥᠭᠦᠷᠢᠭ ᠠᠴᠠ ᠳᠡᠭᠡᠭᠰᠢ ᠣᠷᠣᠯᠭ᠎ᠠ | ᠨᠡᠮᠡᠭᠳᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ | ᠬᠦᠴᠦ ᠨᠡᠮᠡᠷᠢᠯᠡᠪᠡ᠃ ᠣᠳᠣᠬᠠᠨ ᠳᠤ᠂ ᠪᠥᠬᠦ ᠪᠠᠯᠭᠠᠰᠤ ᠪᠠᠷ ᠢᠶᠠᠨ 12000 ᠤᠭᠤᠲᠠ ᠲᠠᠷᠢᠶᠠᠨ ᠦᠷ᠎ᠡ᠂ | 1000 ᠲᠣᠨ ᠬᠢᠮᠢ ᠶᠢᠨ ᠪᠣᠷᠳᠣᠭᠤᠷ᠂ 8000 ᠲᠣᠨ ᠡᠪᠡᠰᠦ ᠪᠣᠷᠳᠤᠭ᠎ᠠ ᠴᠤᠭᠯᠠᠭᠤᠯᠵᠤ᠂ ᠵᠢᠱᠢᠯᠲᠡ ᠪᠠᠷ ᠪᠥᠬᠦ | ᠵᠢᠯ ᠳᠤ 33000 ᠤᠭᠤᠲᠠ ᠲᠠᠷᠢᠶᠠᠨ ᠦᠷ᠎ᠡ᠂ 3200 ᠲᠣᠨ ᠬᠢᠮᠢ ᠶᠢᠨ ᠪᠣᠷᠳᠣᠭᠤᠷ᠂ 1 ᠲᠦᠮᠡᠨ ᠲᠣᠨ | ᠡᠪᠡᠰᠦ ᠪᠣᠷᠳᠤᠭ᠎ᠠ ᠴᠤᠭᠯᠠᠭᠤᠯᠬᠤ ᠪᠣᠯᠣᠨ᠎ᠠ᠃ | |