| ᠪᠠᠩᠬᠢ ᠪᠣᠯᠣᠨ ᠠᠵᠤ ᠠᠬᠤᠶᠢᠯᠠᠯ ᠤᠨ ᠬᠤᠯᠪᠣᠭᠠᠰᠤ ᠪᠠᠶᠢᠭᠤᠯᠬᠤ ᠦᠢᠯᠡᠴᠢᠯᠡᠭᠡ ᠶᠢ ᠰᠠᠶᠢᠲᠤᠷ ᠬᠢᠵᠦ᠂ 2023 | ᠣᠨ ᠳᠤ᠂ ᠦᠨᠳᠦᠰᠦᠨ ᠱᠠᠲᠤᠨ ᠤ ᠨᠢᠭᠡ ᠬᠤᠳᠠᠯᠳᠤᠭᠠᠴᠢᠳ ᠤᠨ ᠡᠪᠯᠡᠯ᠂ 25 ᠭᠡᠰᠢᠭᠦᠨ ᠠᠵᠤ ᠠᠬᠤᠶᠢᠯᠠᠯ ᠢᠶᠠᠷ | ᠪᠠᠶᠢᠴᠠᠭᠠᠨ ᠰᠤᠳᠤᠯᠤᠯᠲᠠ ᠬᠢᠵᠦ᠂ 100 ᠭᠠᠷᠤᠢ ᠬᠤᠪᠢ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ | ᠴᠤᠭᠯᠠᠭᠤᠯᠤᠨ ᠬᠤᠷᠢᠶᠠᠩᠭᠤᠶᠢᠯᠠᠪᠠ᠃ 2023 ᠣᠨ ᠤ ᠲᠣᠭᠲᠠᠭᠠᠯ ᠳᠡᠭᠡᠷᠡᠬᠢ ᠠᠵᠤ ᠠᠬᠤᠶᠢᠯᠠᠯ ᠤᠨ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠬᠥᠳᠡᠯᠦᠩᠭᠦᠢ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠬᠤ ᠠᠵᠢᠯᠯᠠᠭ᠎ᠠ ᠶᠢ | ᠥᠷᠨᠢᠭᠦᠯᠵᠦ᠂ ᠨᠡᠶᠢᠳᠡ 22 ᠬᠤᠪᠢ ᠪᠠᠶᠢᠴᠠᠭᠠᠯᠲᠠ ᠶᠢᠨ ᠬᠦᠰᠦᠨᠦᠭᠲᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ | ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠭᠦᠨᠵᠡᠭᠡᠶᠢᠷᠡᠨ᠂ | ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠪᠡ᠃ ᠪᠠᠰᠠ ᠨᠢᠭᠤᠷᠲᠠᠨ | ᠰᠣᠯᠢᠯᠴᠠᠬᠤ ᠲᠠᠪᠴᠠᠩ ᠪᠠᠶᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠣᠯᠣᠨ ᠪᠠᠩᠬᠢ ᠶᠢᠨ ᠬᠤᠭᠤᠷᠣᠨᠳᠣᠬᠢ | ᠣᠶᠢᠯᠠᠭᠠᠯᠴᠠᠭ᠎ᠠ ᠪᠠ ᠢᠲᠡᠭᠡᠯᠴᠡᠭᠡ ᠶᠢ ᠨᠡᠮᠡᠭᠳᠡᠭᠦᠯᠬᠦ ᠶᠢᠨ ᠲᠥᠯᠥᠭᠡ᠂ ᠣᠯᠠᠨ ᠵᠦᠢᠯ ᠤᠨ ᠬᠡᠯᠪᠡᠷᠢ ᠪᠠᠷ ᠪᠠᠩᠬᠢ | ᠪᠣᠯᠣᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ 3 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ | ᠪᠠᠩᠬᠢ ᠶᠢᠨ ᠬᠢᠨ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠦᠢᠯᠡᠳᠬᠦᠨ᠂ ᠢᠲᠡᠭᠡᠮᠵᠢᠲᠦ | ᠵᠢᠭᠡᠯᠡᠯᠭᠡ ᠶᠢᠨ ᠦᠢᠯᠡᠴᠢᠯᠡᠭᠡ᠂ ᠠᠵᠤ ᠠᠬᠤᠶᠢᠯᠠᠯ ᠤᠨ ᠢᠲᠡᠭᠡᠮᠵᠢ ᠵᠡᠷᠭᠡ ᠲᠦᠷᠦ ᠶᠢᠨ ᠪᠣᠳᠣᠯᠭ᠎ᠠ ᠶᠢᠨ ᠲᠤᠬᠠᠢ | ᠭᠦᠨᠵᠡᠭᠡᠢ ᠲᠠᠶᠢᠯᠤᠮᠵᠢ ᠬᠢᠵᠦ᠂ ᠠᠵᠤ ᠠᠬᠤᠶᠢᠯᠠᠯᠲᠠᠳ ᠪᠠᠩᠬᠢ ᠳᠤ ᠠᠵᠤ ᠠᠬᠤᠶᠢᠯᠠᠯ ᠤᠨ ᠰᠠᠬᠢᠯᠭ᠎ᠠ ᠪᠠᠲᠤ ᠬᠠᠤᠯᠢ | ᠴᠠᠭᠠᠵᠠ ᠶᠢ ᠵᠢᠷᠤᠮᠯᠠᠭᠰᠠᠨ᠂ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠶᠢᠨ ᠪᠠᠶᠢᠳᠠᠯ ᠢ | ᠲᠠᠨᠢᠯᠴᠠᠭᠤᠯᠬᠤ ᠶᠢᠨ ᠬᠠᠮᠲᠤ ᠲᠤᠰ ᠲᠤᠰ ᠤᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠳᠤ ᠴᠢᠭᠯᠡᠭᠦᠯᠦᠨ | ᠪᠠᠩᠬᠢ ᠳᠤ ᠰᠠᠨᠠᠯ ᠰᠠᠨᠠᠭᠤᠯᠭ᠎ᠠ ᠳᠤᠷᠠᠳᠴᠤ᠂ ᠪᠠᠩᠬᠢ ᠪᠣᠯᠣᠨ ᠠᠵᠤ ᠠᠬᠤᠶᠢᠯᠠᠯ ᠳᠤ ᠨᠢᠭᠤᠷᠳᠠᠨ ᠨᠡᠪᠲᠡᠷᠡᠯᠴᠡᠵᠦ | ᠰᠣᠯᠢᠯᠴᠠᠬᠤ ᠲᠠᠪᠴᠠᠩ ᠪᠠᠶᠢᠭᠤᠯᠵᠤ ᠥᠭᠴᠡᠢ᠃ |