| ᠨᠢᠩᠴᠧᠩ ᠰᠢᠶᠠᠨ ᠤᠯᠠᠨ ᠲᠠᠯ᠎ᠠ ᠪᠠᠷ ᠪᠣᠬᠢᠷᠲᠤᠯ ᠦᠭᠡᠢ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠲᠠᠷᠢᠶᠠᠨ | ᠭᠠᠵᠠᠷ ᠤᠨ ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠵᠡᠢ᠃ | ᠨᠢᠭᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠨᠢᠩᠴᠧᠩ ᠰᠢᠶᠠᠨ ᠤ ᠣᠳᠣᠬᠠᠨ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠠᠯᠠᠪᠠᠶ 174.04 | ᠲᠦᠮᠡᠨ ᠮᠦ ᠪᠠᠶᠢᠵᠤ᠂ ᠡᠭᠦᠨ ᠤ ᠳᠣᠲᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ 69.51 | ᠲᠦᠮᠡᠨ ᠮᠦ ᠪᠠᠶᠢᠨ᠎ᠠ᠃ ︽2024 ︱ 2035 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠠᠶᠢᠭᠤᠯᠤᠯᠲᠠ ᠶᠢᠨ ᠲᠤᠬᠠᠢ ᠶᠢᠨ ᠴᠠᠭ ᠤᠨ ᠪᠠᠶᠢᠴᠠᠭᠠᠨ ᠰᠤᠳᠤᠯᠤᠯᠲᠠ ᠪᠠ ᠵᠠᠳᠠᠯᠤᠯᠲᠠ ᠶᠢᠨ ᠮᠡᠳᠡᠭᠦᠯᠦᠯᠲᠡ︾ ᠶᠢ | ᠨᠠᠶᠢᠷᠠᠭᠤᠯᠤᠨ ᠵᠣᠬᠢᠶᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠠᠶᠢᠭᠤᠯᠬᠤ ᠳᠤ ᠨᠡᠶᠢᠴᠡᠬᠦ ᠬᠡᠰᠡᠭ ᠭᠠᠵᠠᠷ ᠢ ᠰᠣᠩᠭᠤᠨ ᠭᠠᠷᠭᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ᠂ | ᠬᠠᠭᠤᠷᠠᠢ ᠲᠠᠷᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠢᠴᠢ ᠥᠭᠡᠷᠡᠴᠢᠯᠡᠨ ᠳᠡᠭᠡᠭᠰᠢᠯᠡᠭᠦᠯᠬᠦ ᠭᠤᠷᠪᠠᠨ | ᠵᠦᠢᠯ ᠤᠨ ᠵᠠᠭᠪᠤᠷ ᠢᠶᠠᠷ ᠪᠠᠶᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠲᠠᠢ ᠤᠶᠠᠯᠳᠤᠭᠤᠯᠤᠨ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠬᠤᠶᠠᠷ ᠲᠤ ᠬᠥᠷᠥᠰᠥ ᠰᠢᠷᠣᠢ ᠶᠢ ᠵᠠᠯᠭᠠᠯᠳᠤᠭᠤᠯᠤᠨ ᠵᠠᠰᠠᠬᠤ ᠬᠠᠷᠰᠢ ᠰᠠᠭᠠᠳ ᠢ ᠵᠠᠰᠠᠨ᠎ᠠ᠃ ᠲᠦᠭᠦᠭᠡᠷᠤᠮᠵᠢᠲᠦ | ᠲᠠᠷᠢᠶᠠᠨ ᠭᠠᠵᠠᠷ ᠤᠨ ᠲᠠᠯ᠎ᠠ ᠪᠠᠷ᠂ ᠡᠷᠳᠡᠨᠢ ᠰᠢᠰᠢ ︱ ᠠᠵᠤ ᠠᠬᠤᠢ ᠶᠢᠨ ᠲᠠᠷᠢᠮᠠᠯ ︱ ᠡᠷᠳᠡᠨᠢ ᠰᠢᠰᠢ᠂ ᠰᠢᠷ᠎ᠠ | ᠪᠤᠷᠴᠠᠭ ︱ ᠡᠷᠳᠡᠨᠢ ᠰᠢᠰᠢ ︱ ᠠᠵᠤ ᠠᠬᠤᠢ ᠶᠢᠨ ᠲᠠᠷᠢᠮᠠᠯ ᠵᠡᠷᠭᠡ ᠡᠭᠡᠯᠵᠢᠯᠡᠨ ᠲᠠᠷᠢᠬᠤ ᠠᠷᠭ᠎ᠠ ᠬᠡᠯᠪᠡᠷᠢ ᠶᠢ | ᠳᠡᠯᠭᠡᠷᠡᠭᠦᠯᠪᠡ᠃ ᠲᠦᠭᠦᠭᠡᠷᠤᠮᠵᠢᠲᠦ ᠢᠳᠡᠰᠢᠨ ᠨᠣᠭᠤᠭ᠎ᠠ ᠶᠢᠨ ᠲᠠᠯ᠎ᠠ ᠪᠠᠷ᠂ ᠰᠢᠯᠢᠳᠡᠭ ᠡᠭᠦᠯᠳᠡᠷ᠂ ᠠᠷᠢᠭᠤᠨ ᠴᠡᠪᠡᠷ | ᠲᠠᠷᠢᠶᠠᠨ ᠭᠠᠵᠠᠷ᠂ ᠥᠨᠳᠥᠷ ᠳᠤᠯᠠᠭᠠᠨ ᠤ ᠬᠦᠯᠡᠮᠵᠢ᠂ ᠵᠠᠯᠭᠠᠵᠤ ᠴᠢᠬᠢ ᠪᠣᠶᠢᠵᠢᠭᠤᠯᠬᠤ᠂ ᠲᠣᠮᠣ ᠳᠠᠯᠠᠩ ᠤᠨ ᠥᠨᠳᠥᠷ | ᠲᠠᠪᠴᠠᠩᠳᠤ ᠰᠦᠯᠢᠶᠥᠦ ᠪᠦᠷᠬᠦᠪᠴᠢ ᠶᠢᠨ ᠳᠣᠣᠷᠠᠬᠢ ᠪᠢᠴᠢᠯ ᠤᠰᠤᠯᠠᠯᠲᠠ ᠶᠢᠨ ᠤᠰᠤᠨ ᠪᠣᠷᠳᠣᠭᠤᠷ ᠢ ᠨᠢᠭᠡ | ᠴᠣᠭᠴᠠᠵᠢᠭᠤᠯᠬᠤ᠂ ᠣᠷᠭᠠᠨᠢᠭ ᠪᠣᠷᠳᠣᠭᠤᠷ ᠤᠨ ᠠᠮᠢᠳᠤ ᠪᠣᠳᠠᠰ ᠤᠨ ᠪᠠᠺᠲ᠋ᠧᠷᠢᠲᠦ ᠪᠣᠷᠳᠣᠭᠤᠷ ᠢ ᠨᠡᠮᠡᠵᠦ | ᠣᠷᠣᠭᠤᠯᠬᠤ᠂ ᠬᠥᠷᠥᠰᠥ ᠰᠢᠷᠣᠢ ᠶᠢ ᠠᠷᠢᠭᠤᠳᠬᠠᠬᠤ᠂ ᠣᠷᠴᠢᠨ ᠲᠣᠭᠤᠷᠢᠨ ᠢ ᠲᠣᠬᠢᠷᠠᠭᠤᠯᠤᠨ ᠡᠵᠡᠮᠳᠡᠬᠦ᠂ ᠪᠣᠬᠢᠷᠲᠤᠯ | ᠦᠭᠡᠢ ᠰᠡᠷᠭᠡᠶᠢᠯᠡᠨ ᠡᠵᠡᠮᠳᠡᠬᠦ ᠬᠤᠷᠠᠮᠠᠯ ᠮᠡᠷᠭᠡᠵᠢᠯ ᠵᠡᠷᠭᠡ ᠮᠡᠷᠭᠡᠵᠢᠯ ᠤᠨ ᠬᠤᠷᠠᠮᠠᠯ ᠵᠠᠭᠪᠤᠷ ᠢ ᠳᠡᠯᠭᠡᠷᠡᠭᠦᠯᠪᠡ᠃ | ᠭᠤᠷᠪᠠ ᠳᠤ ᠪᠣᠬᠢᠷᠲᠤᠯ ᠦᠭᠡᠢ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠪᠣᠬᠢᠷᠲᠤᠯ ᠦᠭᠡᠢ ᠰᠡᠷᠭᠡᠶᠢᠯᠡᠨ | ᠡᠵᠡᠮᠳᠡᠬᠦ ᠪᠠᠷ ᠬᠢᠮᠢ ᠶᠢᠨ ᠰᠡᠷᠭᠡᠶᠢᠯᠡᠨ ᠵᠠᠰᠠᠯᠲᠠ ᠶᠢ ᠤᠷᠤᠯᠠᠭᠤᠯᠬᠤ ᠶᠢ ᠲᠦᠯᠬᠢᠨ ᠠᠬᠢᠭᠤᠯᠵᠤ᠂ ᠲᠠᠷᠢᠮᠠᠯ ᠤᠨ | ᠡᠪᠡᠳᠴᠢᠨ ᠬᠤᠷᠣᠬᠠᠢ ᠶᠢᠨ ᠬᠥᠨᠥᠭᠡᠯ ᠢ ᠲᠤᠰᠬᠠᠶᠢᠵᠢᠭᠤᠯᠤᠨ ᠨᠢᠭᠡᠳᠦᠯᠲᠡᠢ ᠰᠡᠷᠭᠡᠶᠢᠯᠡᠨ ᠵᠠᠰᠠᠬᠤ ᠶᠢ ᠲᠦᠯᠬᠢᠨ | ᠠᠬᠢᠭᠤᠯᠵᠤ᠂ ᠲᠠᠷᠢᠶᠠᠨ ᠡᠮ ᠤᠨ ᠪᠦᠬᠦ ᠶᠠᠪᠤᠴᠠ ᠶᠢᠨ ᠬᠡᠮᠵᠢᠶ᠎ᠡ ᠶᠢ ᠪᠠᠭᠠᠰᠬᠠᠨ ᠬᠥᠨᠥᠭᠡᠯ ᠢ ᠬᠢᠵᠠᠭᠠᠷᠯᠠᠬᠤ ᠵᠠᠭᠪᠤᠷ ᠢ | ᠳᠡᠯᠭᠡᠷᠡᠭᠦᠯᠪᠡ᠃ ᠨᠠᠶᠢᠷᠠᠯᠭ᠎ᠠ ᠲᠠᠢ ᠪᠣᠷᠳᠣᠭᠤᠷ ᠤᠨ ᠲᠠᠯᠠᠪᠠᠢ ᠶᠢ 120 ᠲᠦᠮᠡᠨ ᠮᠦ ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠵᠤ᠂ ᠪᠦᠬᠦ ᠰᠢᠶᠠᠨ ᠤ ᠬᠥᠷᠥᠰᠥ ᠰᠢᠷᠣᠢ ᠶᠢ ᠬᠡᠮᠵᠢᠵᠦ ᠨᠠᠶᠢᠷᠠᠯᠭ᠎ᠠ ᠲᠠᠢ ᠪᠣᠷᠳᠣᠭᠤᠷ ᠤᠨ | ᠮᠡᠷᠭᠡᠵᠢᠯ ᠢ ᠳᠡᠯᠭᠡᠷᠡᠭᠦᠯᠬᠦ ᠪᠦᠷᠬᠦᠴᠡ ᠶᠢᠨ ᠨᠤᠷᠮ᠎ᠠ ᠶᠢ 91% ᠠᠴᠠ ᠳᠡᠭᠡᠭᠰᠢ ᠬᠡᠮᠵᠢᠶᠡᠨ ᠳᠤ ᠬᠦᠷᠪᠡ᠃ ᠵᠤᠵᠠᠭᠠᠨ | ᠪᠥᠭᠡᠳ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ᠂ ᠪᠥᠬᠦ ᠠᠮᠢᠳᠤ ᠪᠣᠳᠠᠰ ᠤᠨ ᠵᠠᠳᠠᠷᠠᠭᠤᠯᠬᠤ | ᠪᠦᠷᠬᠦᠭᠦᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠦᠯᠡᠳᠡᠭᠳᠡᠯ ᠪᠦᠷᠬᠦᠭᠦᠯ ᠢ ᠲᠡᠭᠦᠬᠦ ᠨᠣᠷᠮ᠎ᠠ ᠶᠢ 93% ᠠᠴᠠ | ᠳᠡᠭᠡᠭᠰᠢ ᠳᠤ ᠲᠤᠬᠳᠠᠪᠤᠷᠢᠵᠢᠭᠤᠯᠪᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 93% ᠳᠤ | ᠬᠦᠷᠦᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 87% ᠠᠴᠠ | ᠳᠡᠭᠡᠭᠰᠢ ᠳᠤ ᠬᠦᠷᠦᠭᠦᠯᠪᠡ᠃ |