| ᠤᠶᠢᠷ᠎ᠠ ᠶᠢᠨ ᠡᠳᠦᠷ᠂ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠠᠴᠠ ᠨᠢᠩᠴᠧᠩ ᠰᠢᠶᠠᠨ ᠤ ᠠᠷᠠᠳ ᠤᠨ | ᠪᠠᠶᠢᠴᠠᠭᠠᠬᠤ ᠬᠤᠷᠢᠶ᠎ᠠ ᠳᠤ ︽ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ ᠶᠢᠨ | ᠲᠡᠷᠢᠭᠦᠨ ᠤ ᠨᠡᠶᠢᠲᠡᠯᠢᠭ ᠵᠢᠱᠢᠶ᠎ᠡ︾ ᠭᠡᠬᠦ ᠢᠷᠠᠭᠤ ᠠᠯᠳᠠᠷ ᠢ ᠤᠯᠭᠤᠪᠠ᠃ ᠤᠯᠠᠭᠠᠨᠬᠠᠳᠠ ᠬᠤᠳᠠ ᠶᠢᠨ ᠠᠷᠠᠳ ᠤᠨ | ᠪᠠᠶᠢᠴᠠᠭᠠᠬᠤ ᠬᠤᠷᠢᠶᠠᠨ ᠤ ︽2023 ᠣᠨ ᠤ ᠪᠦᠬᠦ ᠬᠤᠳᠠ ᠶᠢᠨ ᠪᠠᠶᠢᠴᠠᠭᠠᠬᠤ ᠠᠵᠢᠯ ᠤᠨ ᠢᠯᠡᠷᠡᠯ ᠲᠣᠪᠣᠶᠢᠮ᠎ᠠ | ᠪᠠᠶᠢᠭ᠎ᠠ ᠬᠠᠮᠲᠤ ᠨᠡᠶᠢᠳᠡ ᠪᠠ ᠬᠤᠪᠢ ᠬᠥᠮᠥᠨ ᠢ ᠬᠥᠬᠢᠭᠦᠯᠦᠨ ᠱᠠᠩᠨᠠᠬᠤ ᠲᠤᠬᠠᠢ ᠲᠣᠭᠲᠠᠭᠠᠯ︾ ᠢ ᠳᠠᠷᠤᠮᠠᠯᠯᠠᠨ | ᠲᠠᠷᠬᠠᠭᠠᠵᠤ᠂ ᠨᠢᠩᠴᠧᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ︽ᠬᠠᠮᠲᠤ ᠶᠢᠨ ᠬᠥᠬᠢᠭᠦᠯᠦᠯ ᠰᠠᠶᠢᠰᠢᠶᠠᠯ︾ ᠢ | ᠢᠷᠠᠭᠤ ᠠᠯᠳᠠᠷᠲᠠᠢ ᠪᠠᠷ ᠬᠦᠷᠳᠡᠪᠡ᠃ ᠨᠢᠩᠴᠧᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ︽ᠪᠠᠶᠢᠴᠠᠭᠠᠬᠤ | ᠬᠤᠷᠢᠶ᠎ᠠ ᠨᠢᠩᠴᠧᠩ ᠤᠨ ᠠᠮᠤᠷ ᠢ ᠤᠮᠳᠠᠯᠠᠨ᠎ᠠ︾ ᠭᠡᠬᠦ ᠡᠵᠡᠮᠳᠡᠨ ᠭᠦᠢᠴᠡᠳᠬᠡᠬᠦ ᠭᠤᠶᠤᠴᠢᠯᠠᠯ ᠤᠨ ᠬᠡᠷᠡᠭ ᠤᠨ | ᠪᠦᠯᠬᠦᠮ ᠨᠢ ︽ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠢ ᠭᠥᠷᠳᠡᠪᠡ᠃ |