ᠨᠢᠩᠴᠧᠩ ᠰᠢᠶᠠᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2024/2/29
ᠨᠢᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠵᠢᠯᠤᠭᠤᠳᠴᠤ ᠬᠠᠯᠠᠮᠵᠢ ᠬᠦᠷᠲᠡᠭᠡᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠠᠮᠠᠷᠠᠯᠲᠠ ᠲᠠᠯᠪᠢᠬᠤ᠂ ᠠᠵᠢᠯ ᠢᠶᠠᠨ ᠰᠡᠷᠭᠦᠭᠡᠬᠦ᠂ ᠠᠵᠢᠯᠲᠠᠨ ᠤ ᠠᠵᠢᠯ ᠤᠨ ᠪᠠᠶᠢᠷᠢ ᠳᠤ ᠪᠠᠶᠢᠬᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠰᠢᠢᠳᠪᠦᠷᠢᠯᠡᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠯ ᠢᠶᠠᠨ ᠵᠦᠢ ᠵᠣᠬᠢᠰᠲᠠᠢ ᠲᠣᠬᠢᠷᠠᠭᠤᠯᠤᠨ᠂ ᠠᠵᠤ ᠠᠬᠤᠶᠢᠯᠠᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠠᠮᠠᠷᠠᠯᠲᠠ ᠰᠣᠯᠢᠵᠤ ᠠᠮᠠᠷᠠᠬᠤ ᠶᠢ ᠵᠣᠷᠢᠭᠵᠢᠭᠤᠯᠵᠤ  ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠬᠦ ᠶᠢ ᠠᠵᠤ ᠠᠬᠤᠶᠢᠯᠠᠯ ᠳᠤ ᠰᠠᠨᠠᠭᠤᠯᠤᠨ᠎ᠠ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ 20 ᠭᠠᠷᠤᠢ ᠠᠵᠤ ᠠᠬᠤᠶᠢᠯᠠᠯ ᠲᠠᠢ ᠨᠡᠪᠲᠡᠷᠡᠯᠴᠡᠨ ᠵᠢᠯᠣᠭᠤᠳᠪᠠ᠃ ᠬᠤᠶᠠᠷ ᠲᠤ ᠴᠡᠭ ᠲᠣᠭᠲᠠᠭᠠᠨ ᠬᠠᠪᠰᠤᠷᠤᠨ ᠲᠡᠳᠬᠦᠬᠦ ᠳᠤ  ᠤᠨᠤᠪᠴᠢᠲᠠᠢ᠃ ᠠᠵᠤ ᠠᠬᠤᠶᠢᠯᠠᠯ ᠤᠨ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ ᠬᠡᠷᠡᠭᠯᠡᠬᠦ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠪᠠᠷ ᠣᠷᠣᠰᠢᠵᠤ ᠮᠡᠳᠡᠬᠦ ᠬᠦᠴᠢᠷᠳᠡᠯ ᠳᠤ ᠴᠢᠭᠯᠡᠭᠦᠯᠦᠨ᠂ ᠠᠵᠤ ᠠᠬᠤᠶᠢᠯᠠᠯ ᠤᠨ ᠬᠠᠷᠢᠯᠴᠠᠬᠤ ᠬᠥᠮᠥᠨ ᠢ ᠲᠣᠭᠲᠠᠭᠠᠨ ︽ᠴᠡᠭ ᠠᠴᠠ ᠴᠡᠭ︾ ᠬᠡᠯᠪᠡᠷᠢ ᠪᠠᠷ ᠬᠠᠪᠰᠤᠷᠤᠨ ᠲᠡᠳᠬᠦᠵᠦ᠂ ᠪᠠᠶᠠᠷ ᠤᠨ ᠡᠳᠦᠷ ᠤᠨ ᠳᠠᠷᠠᠭ᠎ᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠠᠰᠢᠭᠲᠠᠢ ᠨᠥᠬᠦᠴᠡᠯ ᠪᠦᠷᠢᠯᠳᠦᠭᠦᠯᠵᠦ ᠥᠭᠭᠦᠨ᠎ᠡ᠃ ᠣᠲᠣ ᠪᠣᠯᠲᠠᠯ᠎ᠠ᠂ ᠳ᠋ᠦᠩ ᠹᠠᠩ ᠸᠠᠨ ᠴᠢ ᠵᠡᠷᠭᠡ 4 ᠠᠵᠤ ᠠᠬᠤᠶᠢᠯᠠᠯ ᠢ ᠬᠠᠪᠰᠤᠷᠤᠨ ᠸᠢᠴᠠᠲ ᠤᠨ ᠪᠦᠯᠦᠭᠯᠡᠯ᠂ ᠠᠵᠢᠯᠲᠠᠨ ᠡᠯᠰᠡᠬᠦ ᠴᠤᠭᠯᠠᠭᠠᠨ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠵᠦ᠂ ᠬᠥᠳᠡᠯᠮᠦᠷᠢ ᠬᠦᠴᠦᠨ ᠤ ᠠᠵᠢᠯᠲᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠠ᠃ ᠭᠤᠷᠪᠠ ᠳᠤ᠂ ᠬᠠᠨᠳᠤᠯᠭ᠎ᠠ ᠲᠠᠢ ᠲᠦᠷᠦ ᠶᠢᠨ ᠪᠣᠳᠣᠯᠭ᠎ᠠ ᠡᠷᠴᠢᠮᠲᠠᠢ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠣᠷᠣᠰᠢᠵᠤ ᠪᠠᠶᠢᠭ᠎ᠠ ᠡᠨᠧᠷᠭᠢ ᠶᠢᠨ ᠬᠤᠷᠣᠭᠳᠠᠯ ᠬᠡᠳᠦ ᠥᠨᠳᠥᠷ᠂ ᠦᠢᠯᠡᠳᠪᠦᠷᠢᠯᠡᠯ ᠤᠨ ᠴᠢᠳᠠᠪᠤᠷᠢ ᠬᠦᠷᠦᠯᠴᠡᠬᠦ ᠦᠭᠡᠢ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠢᠲᠡᠭᠡᠯ ᠵᠣᠷᠢᠭ ᠬᠦᠷᠦᠯᠴᠡᠬᠦ ᠦᠭᠡᠢ ᠵᠡᠷᠭᠡ ᠳᠥᠷᠪᠡᠨ ᠶᠡᠭᠡ ᠬᠦᠴᠢᠷ ᠠᠰᠠᠭᠤᠳᠠᠯ ᠢ ᠲᠣᠳᠣᠷᠬᠠᠶᠢᠯᠠᠵᠤ᠂ ᠠᠵᠤ ᠠᠬᠤᠶᠢᠯᠠᠯ ᠳᠤ ᠡᠨᠧᠷᠭᠢ ᠠᠷᠪᠢᠯᠠᠬᠤ ᠣᠨᠣᠰᠢᠯᠠᠯ ᠤᠨ ᠴᠠᠬᠢᠯᠭᠠᠨ ᠮᠡᠳᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠤᠯᠠᠭᠠᠨᠬᠠᠳᠠ ᠬᠤᠲᠠ ᠶᠢᠨ ᠠᠵᠤ ᠠᠬᠤᠶᠢᠯᠠᠯ ᠳᠤ ᠬᠤᠯᠪᠣᠭᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠵᠡᠷᠭᠡ ᠲᠥᠷᠥ ᠶᠢᠨ ᠪᠣᠳᠣᠯᠭ᠎ᠠ ᠶᠢ ᠬᠠᠨᠳᠤᠯᠭ᠎ᠠ ᠲᠠᠢ ᠪᠠᠷ ᠬᠦᠷᠭᠡᠨ ᠥᠭᠴᠦ᠂ ᠳᠡᠭᠡᠳᠦ ᠱᠠᠲᠤᠨ ᠳᠤ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠬᠦ ᠬᠦᠰᠡᠯ ᠱᠠᠭᠠᠷᠳᠠᠯᠭ᠎ᠠ ᠪᠠᠨ ᠢᠳᠡᠪᠬᠢᠲᠡᠢ ᠮᠡᠳᠡᠭᠦᠯᠦᠨ ᠬᠦᠷᠭᠡᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠲᠥᠷᠥᠯ ᠵᠦᠢᠯ ᠭᠤᠶᠤᠴᠢᠯᠠᠨ ᠮᠡᠳᠡᠭᠦᠯᠵᠦ᠂ ᠳᠡᠭᠡᠳᠦ ᠱᠠᠲᠤᠨ ᠤ ᠠᠵᠤ ᠦᠢᠯᠡᠰ ᠤᠨ ᠳᠡᠮᠵᠢᠯᠭᠡ ᠶᠢᠨ ᠪᠡᠯᠡ ᠮᠥᠩᠭᠦ ᠶᠢ ᠲᠡᠮᠡᠴᠡᠨ ᠣᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠣᠲᠣ ᠪᠣᠯᠲᠠᠯ᠎ᠠ᠂ ᠪᠥᠬᠦ ᠰᠢᠶᠠᠨ ᠤ 1089 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠭᠰᠡᠨ ᠨᠣᠷᠮ᠎ᠠ 80% ᠶᠢ ᠳᠠᠪᠠᠵᠠᠢ᠂ ᠡᠭᠦᠨ ᠳᠤ 32 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠭᠰᠡᠨ ᠨᠣᠷᠮ᠎ᠠ 84% ᠶᠢ ᠳᠠᠪᠠᠵᠠᠢ᠂ ᠵᠢᠱᠢᠯᠲᠡ ᠪᠠᠷ 3 ᠰᠠᠷ᠎ᠠ ᠶᠢᠨ 1 ᠤ ᠡᠳᠦᠷ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠬᠦᠬᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号