ᠨᠢᠩᠴᠧᠩ ᠰᠢᠶᠠᠨ ᠭᠠᠶᠢᠯᠢ ᠲᠠᠲᠠᠪᠤᠷᠢ ᠶᠢᠨ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/2/29
ᠨᠢᠭᠡ ᠳᠤ ᠣᠷᠣᠯᠭ᠎ᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠭᠠᠶᠢᠯᠢ ᠰᠦᠢᠳᠬᠡᠯ ᠤᠨ ᠠᠰᠢᠭ ᠢ ᠡᠳ᠋ᠯᠡᠬᠦ ᠶᠣᠰᠣᠲᠠᠢ ᠶᠢ ᠨᠢ ᠪᠦᠬᠦᠨ ᠢ ᠡᠳ᠋ᠯᠡᠭᠦᠯᠬᠦ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ ᠠᠵᠢᠯ ᠤᠨ ᠱᠠᠭᠠᠷᠳᠠᠯᠭ᠎ᠠ ᠶᠣᠰᠣᠭᠠᠷ᠂ ᠶᠡᠷᠦᠩᠬᠡᠢ ᠲᠣᠪᠴᠢᠶ᠎ᠠ ᠪᠠ ᠣᠷᠣᠨ ᠨᠤᠲᠤᠭ ᠤᠨ ᠬᠤᠶᠠᠷ ᠪᠠᠷᠢᠮᠵᠢᠶ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠵᠦ᠂ ᠡᠯ᠎ᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠦᠬᠦ ᠰᠢᠶᠠᠨ ᠤ ᠠᠵᠤ ᠠᠬᠤᠢ ᠶᠢᠨ ᠪᠠᠶᠢᠳᠠᠯ ᠢ ᠡᠵᠡᠮᠳᠡᠵᠦ᠂ ᠭᠠᠶᠢᠯᠢ ᠲᠠᠲᠠᠪᠤᠷᠢ ᠶᠢᠨ ᠵᠢᠱᠢᠯᠲᠡ ᠶᠢᠨ ᠨᠠᠷᠢᠯᠢᠭ ᠣᠨᠣᠴᠠ ᠶᠢᠨ ᠬᠡᠮᠵᠢᠶ᠎ᠡ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠠᠶᠢᠯᠢ ᠰᠦᠢᠳᠬᠡᠯ ᠤᠨ ᠣᠷᠣᠯᠭ᠎ᠠ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠵᠤ᠂ ᠲᠠᠲᠠᠪᠤᠷᠢᠯᠠᠪᠠᠯ ᠵᠣᠬᠢᠬᠤ ᠶᠢ ᠨᠢ ᠪᠦᠬᠦᠨ ᠢ ᠲᠠᠲᠠᠪᠤᠷᠢᠯᠠᠵᠤ᠂ ᠬᠠᠰᠤᠪᠠᠯ ᠵᠣᠬᠢᠬᠤ ᠶᠢ ᠨᠢ ᠪᠦᠬᠦᠨ ᠢ ᠬᠠᠰᠤᠵᠤ᠂ ᠪᠤᠴᠠᠭᠠᠪᠠᠯ ᠵᠣᠬᠢᠬᠤ ᠶᠢ ᠨᠢ ᠪᠦᠬᠦᠨ ᠢ ᠪᠤᠴᠠᠭᠠᠨ᠎ᠠ᠃ ᠬᠤᠶᠠᠷ ᠲᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ᠂ ᠠᠷᠠᠳ ᠠᠴᠠ ᠡᠷᠭᠢᠯᠡᠭᠰᠡᠨ ᠭᠠᠶᠢᠯᠢ ᠲᠠᠲᠠᠪᠤᠷᠢ ᠶᠢᠨ ᠤᠷᠢᠬᠠᠨ ᠰᠠᠯᠬᠢᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ 4012366 ᠬᠠᠯᠠᠮᠰᠢᠯ ᠤᠲᠠᠰᠤ ᠪᠠᠷ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠮᠡᠳᠡᠨ᠂ ᠤᠬᠠᠭᠤᠯᠭ᠎ᠠ ᠶᠢᠨ ᠬᠠᠪᠰᠤᠷᠤᠨ ᠵᠢᠯᠤᠭᠤᠳᠬᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠰᠠᠶᠢᠵᠢᠷᠠᠭᠤᠯᠵᠤ᠂ ᠦᠢᠯᠡᠴᠢᠯᠡᠬᠦ᠂ ᠤᠬᠠᠭᠤᠯᠬᠤ᠂ ᠬᠠᠪᠰᠤᠷᠤᠨ ᠵᠢᠯᠤᠭᠤᠳᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢᠭᠤᠳ ᠨᠡᠪᠲᠡᠷᠡᠭᠦᠯᠭᠡ᠂ ᠪᠢᠴᠢᠯ ᠸᠢᠳᠢᠤ᠋ ᠵᠡᠷᠭᠡ ᠰᠢᠨ᠎ᠡ ᠵᠠᠭᠤᠴᠢᠯᠠᠭᠤᠷ ᠤᠨ ᠬᠡᠷᠡᠭᠯᠡᠯᠲᠡ ᠶᠢ ᠰᠦᠪᠡᠭᠴᠢᠯᠡᠵᠦ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠥᠷᠭᠡᠳᠬᠡᠵᠦ᠂ ᠭᠠᠶᠢᠯᠢ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠬᠠᠮᠵᠢᠯᠴᠠᠭᠠᠨ ᠤ ᠬᠠᠯᠠᠮᠰᠢᠯ ᠤᠲᠠᠰᠤᠨ ᠤ ᠴᠢᠳᠠᠮᠵᠢ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠰᠦᠯᠵᠢᠶᠡᠨ ᠳᠡᠭᠡᠷᠡᠬᠢ ᠵᠢᠯᠣᠭᠤᠳᠤᠯᠭ᠎ᠠ ᠬᠠᠩᠭᠠᠵᠤ᠂ ᠭᠠᠶᠢᠯᠢ ᠶᠢᠨ  ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠠᠯᠤᠰ ᠠᠴᠠ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠤ ᠲᠦᠭᠦᠮ ᠦᠵᠡᠭᠦᠯᠬᠦ ᠤᠷᠢᠬᠠᠨ ᠰᠠᠯᠬᠢ ᠶᠢ ᠲᠦᠭ ᠲᠦᠮᠡᠨ ᠠᠵᠤ ᠠᠬᠤᠶᠢᠯᠠᠯ ᠳᠤ ᠬᠦᠷᠭᠡᠬᠦ ᠶᠢ ᠠᠬᠢᠭᠤᠯᠤᠨ᠎ᠠ᠃ ᠭᠤᠷᠪᠠ ᠳᠤ ᠣᠷᠣᠯᠭ᠎ᠠ ᠶᠢ ᠵᠣᠬᠢᠶᠠᠨ ᠪᠠᠶᠢᠭᠤᠯᠬᠤ ᠵᠠᠷᠴᠢᠮ ᠢ ᠴᠢᠩᠳᠠᠯᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠤᠨ᠎ᠠ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠬᠠᠮᠵᠢᠯᠴᠠᠭ᠎ᠠ ᠶᠢ ᠴᠢᠷᠮᠠᠶᠢᠨ ᠣᠯᠵᠤ᠂ ᠰᠢᠯᠢᠳᠡᠭ ᠠᠵᠢᠯ ᠤᠨ ᠠᠷᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠡᠭ ᠠᠴᠠ ᠴᠡᠭ ᠲᠤ ᠬᠦᠷᠲᠡᠯ᠎ᠡ ᠤᠬᠠᠭᠤᠯᠵᠤ᠂ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ︽ᠲᠣᠮᠣ ᠪᠡᠯᠡᠭ︾ ᠬᠦᠷᠭᠡᠨ᠎ᠡ᠃ ᠣᠲᠣ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠨᠡᠶᠢᠲᠡ 44453.4 ᠲᠦᠮᠡᠨ ᠲᠥᠭᠦᠷᠢᠭ᠂ 23.5 ᠲᠦᠮᠡᠨ ᠡᠷᠦᠬᠡ ︵ᠤᠳᠠᠭ᠎ᠠ︶ ᠶᠢᠨ ᠭᠠᠶᠢᠯᠢ ᠲᠤᠰᠢᠶᠠᠭᠴᠢ ᠳᠤ ᠠᠰᠢᠭ ᠬᠦᠷᠲᠡᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号