| ᠨᠢᠭᠡ ᠳᠤ ︽ᠬᠠᠷᠰᠢ ᠰᠠᠭᠠᠳ ᠦᠭᠡᠢ︾ ᠪᠠᠶᠢᠬᠤ ᠱᠠᠭᠠᠷᠳᠠᠯᠭ᠎ᠠ ᠪᠠᠷ ᠬᠠᠪᠰᠤᠷᠤᠮᠵᠢ ᠪᠣᠯᠭᠠᠨ᠎ᠠ᠃ ᠪᠠᠶᠢᠩᠭᠤ | ᠬᠡᠷᠡᠭᠯᠡᠬᠦ ᠳᠣᠬᠢᠶᠠᠨ ᠤ ᠬᠡᠯᠡᠨ ᠤ ᠪᠣᠯᠪᠠᠰᠤᠷᠠᠭᠤᠯᠤᠯ ᠵᠢᠴᠢ ᠲᠤᠰᠬᠠᠢ ᠮᠡᠷᠭᠡᠵᠢᠯ ᠤᠨ ᠲᠥᠬᠦᠭᠡᠷᠦᠮᠵᠢ ᠶᠢᠨ | ᠬᠡᠷᠡᠭᠯᠡᠯᠲᠡ ᠪᠠᠷ ᠳᠠᠮᠵᠢᠭᠤᠯᠤᠨ᠂ ᠵᠡᠮᠳᠡᠭ ᠬᠥᠮᠥᠰ ᠯᠦᠭᠡ ︽ᠰᠠᠭᠠᠳ ᠦᠭᠡᠢ︾ ᠨᠡᠪᠲᠡᠷᠡᠯᠴᠡᠬᠦ ᠶᠢ ᠪᠡᠶᠡᠯᠡᠭᠦᠯᠦᠨ᠎ᠡ᠃ | ᠬᠤᠶᠠᠷ ᠲᠤ ︽ᠥᠴᠥᠬᠡᠨ ᠴᠦ ᠵᠠᠢ ᠦᠭᠡᠢ︾ ᠲᠥᠬᠦᠮ ᠲᠤᠰᠠᠯᠠᠮᠵᠢ ᠦᠵᠡᠭᠦᠯᠦᠨ᠎ᠡ᠃ ᠬᠥᠭᠰᠢᠨ ᠪᠠᠭᠤᠷᠠᠢ | ᠡᠪᠡᠳᠴᠢᠨ ᠲᠠᠢ ᠵᠡᠮᠳᠡᠭ ᠵᠢᠷᠮᠦᠰᠦᠨ ᠵᠢᠴᠢ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠣᠨᠴᠠᠭᠠᠶ ᠤᠯᠠᠨ | ᠲᠦᠮᠡᠨ ᠳᠤ ᠴᠢᠭᠯᠡᠭᠦᠯᠦᠨ᠂ ᠬᠠᠷᠰᠢ ᠰᠠᠭᠠᠳ ᠦᠭᠡᠢ ᠦᠢᠯᠡᠴᠢᠯᠡᠭᠡᠨ ᠤ ᠠᠵᠢᠯ ᠤᠨ ᠪᠠᠶᠢᠷᠢ ᠭᠠᠷᠭᠠᠵᠤ᠂ ᠠᠷᠠᠳ ᠲᠤ | ᠳᠦᠭᠦᠮ ᠦᠵᠡᠭᠦᠯᠬᠦ ᠬᠦᠷᠳᠦᠲᠦ ᠰᠠᠨᠳᠠᠯᠢ᠂ ᠬᠠᠷᠰᠢ ᠰᠠᠭᠠᠳ ᠦᠭᠡᠢ ᠡᠷᠡᠭᠦᠯ ᠬᠠᠮᠠᠭᠠᠯᠠᠯ ᠤᠨ ᠲᠠᠰᠤᠯᠭ᠎ᠠ ᠵᠢᠴᠢ ᠡᠬᠡ | ᠨᠢᠯᠬᠠᠰ ᠤᠨ ᠦᠷᠦᠭᠡ ᠵᠡᠷᠭᠡ ᠲᠥᠬᠦᠭᠡᠷᠦᠮᠵᠢ ᠶᠢ ᠲᠣᠬᠢᠷᠠᠭᠤᠯᠵᠤ᠂ ︽ᠬᠥᠭᠰᠢᠨ ᠵᠡᠮᠳᠡᠭ ᠵᠢᠷᠮᠦᠰᠦᠨ︾ ᠰᠠᠭᠠᠳ ᠦᠭᠡᠢ | ᠨᠡᠪᠲᠡᠷᠡᠬᠦ ᠵᠠᠮ ᠢ ᠨᠡᠭᠡᠭᠡᠵᠦ᠂ ᠪᠦᠬᠦ ᠶᠠᠪᠤᠴᠠ ᠪᠠᠷ ᠬᠠᠪᠰᠤᠷᠤᠭᠤᠯᠤᠨ ᠭᠦᠢᠴᠡᠳᠬᠡᠪᠡ᠃ ᠭᠤᠷᠪᠠ ᠳᠤ᠂︽ᠮᠥᠷᠥ | ᠵᠡᠷᠭᠡᠴᠡᠬᠦ︾ᠰᠡᠳᠬᠢᠯ ᠢ ᠳᠤᠯᠠᠭᠠᠴᠠᠭᠤᠯᠤᠨ᠎ᠠ᠃ ᠬᠠᠪᠰᠤᠷᠤᠨ ᠭᠦᠢᠴᠳᠭᠡᠭᠴᠢ ᠶᠢᠨ ᠰᠠᠭᠤᠳᠠᠯ ᠤᠨ ᠲᠤᠰᠬᠠᠢ ᠣᠷᠣᠨ | ᠭᠠᠷᠭᠠᠵᠤ᠂ ︽ᠣᠯᠠᠨ ᠲᠦᠮᠡᠨ ᠬᠡᠯᠡᠪᠡᠯ ᠪᠢ ᠲᠠᠭᠯᠠᠨ᠎ᠠ︾ ᠭᠡᠬᠦ ︽ᠵᠣᠭᠤᠭᠳᠠᠬᠤ ᠮᠠᠶ᠋ᠢᠭ︾ ᠤᠨ ᠬᠠᠪᠰᠤᠷᠤᠨ | ᠰᠢᠳᠬᠡᠭᠴᠢ ᠶᠢᠨ ᠵᠠᠭᠪᠤᠷ ᠢ ᠬᠡᠷᠡᠭᠵᠢᠭᠦᠯᠦᠨ᠎ᠡ᠃ ᠳᠥᠷᠪᠡ ᠳᠤ᠂ ︽ᠥᠯᠥ ᠬᠦᠷᠦᠯᠴᠡᠬᠦ︾ ᠥᠪᠡᠰᠦᠪᠡᠨ | ᠦᠢᠯᠡᠴᠢᠯᠡᠬᠦ ᠲᠤᠰᠠᠯᠠᠮᠵᠢ ᠪᠠᠷ ᠬᠠᠪᠰᠤᠷᠤᠨ᠎ᠠ᠃ 24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠢ | ᠪᠠᠶᠢᠭᠤᠯᠵᠤ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ | ᠥᠪᠡᠰᠦᠪᠡᠨ ᠰᠡᠭᠦᠳᠡᠷᠯᠡᠬᠦ ᠮᠠᠰᠢᠨ ᠵᠡᠷᠭᠡ ᠥᠪᠡᠰᠦᠪᠡᠨ ᠦᠢᠯᠡᠴᠢᠯᠡᠬᠦ ᠦᠵᠦᠭᠦᠷ ᠢ ᠲᠣᠬᠢᠷᠠᠭᠤᠯᠤᠨ᠂ ︽ | ᠨᠢᠩᠴᠧᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠢᠵᠢᠭ ᠫᠷᠣᠭ᠍ᠷᠠᠮ ᠢ ᠨᠡᠭᠡᠭᠡᠨ ᠬᠥᠭᠵᠢᠭᠦᠯᠵᠦ᠂ | ᠠᠵᠢᠯ ᠶᠠᠪᠤᠳᠠᠯ ᠭᠦᠢᠴᠡᠳᠬᠡᠬᠦ᠂ ᠢᠯᠡ ᠪᠣᠯᠭᠠᠬᠤ᠂ ᠪᠠᠶᠢᠴᠠᠭᠠᠨ ᠯᠠᠪᠯᠠᠬᠤ᠂ ᠤᠷᠢᠳᠴᠢᠯᠠᠨ ᠪᠣᠯᠵᠣᠬᠤ᠂ ᠵᠠᠭᠠᠯᠳᠤᠬᠤ | ᠵᠡᠷᠭᠡ ᠰᠦᠯᠵᠢᠶᠡᠨ ᠳᠡᠭᠡᠷᠡᠬᠢ ᠥᠪᠡᠰᠦᠪᠡᠨ ᠦᠢᠯᠡᠴᠢᠯᠡᠬᠦ ᠦᠢᠯᠡᠴᠢᠯᠡᠭᠡ ᠶᠢ ᠬᠠᠩᠭᠠᠪᠠ᠃ | ᠣᠲᠣ ᠪᠣᠯᠲᠠᠯ᠎ᠠ᠂ 235 ᠵᠦᠢᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠦᠨᠳᠦᠰᠦᠨ | ᠱᠠᠲᠤᠨ ᠳᠤ ᠣᠶᠢᠷ᠎ᠠ ᠬᠠᠪᠢ ᠳᠠᠭᠠᠨ ᠰᠢᠢᠳᠪᠦᠷᠢᠯᠡᠵᠦ ᠪᠣᠯᠣᠨ᠎ᠠ᠂ 164 ᠵᠦᠢᠯ ᠤᠨ ᠦᠢᠯᠡᠴᠢᠯᠡᠭᠡᠨ ᠤ ᠵᠦᠢᠯᠡᠰ ᠢ | ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠤᠯᠠᠭ᠎ᠠ ᠥᠷᠲᠡᠭᠡ ᠳᠤ ᠲᠥᠬᠦᠮ ᠦᠵᠡᠭᠦᠯᠵᠦ᠂ | ᠬᠦᠴᠢᠷ ᠲᠦᠪᠡᠭᠲᠡᠢ ᠵᠦᠢᠯᠡᠰ ᠢ ᠰᠢᠶᠠᠨ ᠤ ᠱᠠᠲᠤᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ | ᠰᠢᠢᠳᠪᠦᠷᠢᠯᠡᠵᠦ᠂ ᠨᠠᠩ ᠣᠯᠠᠨ ᠵᠦᠢᠯᠡᠰ ᠢ ᠲᠦᠷᠭᠡᠨ ᠰᠢᠢᠳᠪᠦᠷᠢᠯᠡᠵᠦ ᠪᠣᠯᠣᠨ᠎ᠠ᠃ |