| ᠨᠢᠭᠡ ᠳᠤ ᠠᠵᠢᠯ ᠤᠨ ᠪᠠᠶᠢᠷᠢ ᠶᠢᠨ ᠴᠤᠭᠯᠠᠭᠤᠯᠤᠯᠲᠠ ᠶᠢ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠮᠡᠳᠡᠭᠡ | ᠵᠠᠩᠭᠢ ᠶᠢᠨ ᠦᠢᠯᠡᠴᠢᠯᠡᠭᠡᠨ ᠤ ᠲᠠᠪᠴᠠᠩ ᠢᠶᠠᠷ ᠲᠥᠪ ᠪᠣᠯᠭᠠᠵᠤ᠂ ᠮᠡᠳᠡᠭᠡ ᠵᠠᠩᠭᠢ ᠴᠤᠭᠯᠠᠭᠤᠯᠬᠤ᠂ ᠮᠡᠳᠡᠭᠡ ᠵᠠᠩᠭᠢ | ᠨᠡᠶᠢᠲᠡᠯᠡᠬᠦ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠣᠯᠠᠨ ᠲᠠᠯ᠎ᠠ ᠶᠢᠨ ︽ᠠᠵᠢᠯ ᠣᠯᠭᠤᠯᠲᠠ ᠶᠢᠨ ᠠᠮᠢ | ᠠᠬᠤᠢ ᠶᠢᠨ ᠬᠦᠷᠢᠶ᠎ᠡ︾ ᠶᠢ ᠪᠠᠶᠢᠭᠤᠯᠵᠤ᠂ ᠡᠯ᠎ᠡ ᠲᠥᠷᠥᠯ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ 1680 | ᠭᠠᠷᠤᠢ ᠨᠡᠶᠢᠲᠡᠯᠡᠵᠦ᠂ ᠡᠯ᠎ᠡ ᠲᠥᠷᠥᠯ ᠤᠨ ᠠᠵᠢᠯ ᠤᠨ ᠪᠠᠶᠢᠷᠢ ᠶᠢ 15000 ᠭᠠᠷᠤᠢ ᠬᠠᠩᠭᠠᠵᠤ᠂ ᠰᠠᠶᠢᠨ ᠠᠵᠢᠯ ᠢ | ︽ᠳᠡᠯᠭᠡᠴᠡ︾ ᠲᠠᠢ ᠪᠤᠯᠭᠠᠪᠠ᠃ ᠬᠤᠶᠠᠷ ᠲᠤ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠶᠢ ᠵᠣᠬᠢᠶᠠᠨ ᠪᠠᠶᠢᠭᠤᠯᠪᠠ | ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠵᠡᠷᠭᠡ ᠵᠠᠯᠠᠭᠤᠴᠤᠳ ᠤᠨ ᠬᠠᠮᠲᠤᠯᠢᠭ ᠤᠨ ᠲᠣᠭᠤᠷᠢᠨ ᠳᠤ᠂ | ᠰᠢᠶᠠᠨ ᠤ ᠳᠣᠲᠣᠷᠠᠬᠢ ᠰᠢᠶᠠᠨ ᠤ ᠭᠠᠳᠠᠨᠠᠬᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢᠨ ᠮᠡᠳᠡᠭᠡ | ᠵᠠᠩᠭᠢ ᠶᠢ ᠨᠢᠭᠡᠳᠦᠯᠲᠡᠢ ᠲᠥᠯᠥᠪᠯᠡᠨ᠂ 8 ᠲᠠᠯᠠᠪᠤᠷ ᠲᠤᠰᠬᠠᠢ ᠤᠷᠢᠵᠤ ᠡᠯᠰᠡᠬᠦ ᠴᠤᠭᠯᠠᠭᠠᠨ ᠢ ᠡᠷᠬᠢᠯᠡᠵᠦ᠂ | ᠪᠣᠷᠤᠯᠠᠭᠤᠯᠭ᠎ᠠ᠂ ᠲᠤᠰᠠᠯᠠᠭᠴᠢ ᠵᠡᠷᠭᠡ 700 ᠭᠠᠷᠤᠢ ᠠᠵᠢᠯ ᠤᠨ ᠪᠠᠶᠢᠷᠢ ᠶᠢ ᠬᠠᠩᠭᠠᠵᠤ᠂ ᠰᠢᠶᠠᠨ ᠤ ᠳᠣᠲᠣᠷᠠᠬᠢ 30 | ᠭᠠᠷᠤᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠦᠴᠢᠷ ᠠᠰᠠᠭᠤᠳᠠᠯ ᠢ ᠨᠠᠮᠳᠠᠭᠤᠯᠪᠠ᠃ ᠭᠤᠷᠪᠠ ᠳᠤ | ᠠᠵᠢᠯ ᠤᠨ ᠪᠠᠶᠢᠷᠢ ᠳᠤ ᠲᠤᠬᠢᠷᠠᠭᠤᠯᠤᠨ ᠰᠢᠭᠤᠳ ᠨᠡᠪᠲᠡᠷᠡᠭᠦᠯᠬᠦ ᠶᠢ ᠦᠷᠨᠢᠭᠦᠯᠪᠡ᠃ ᠺᠤᠸᠠᠢ ᠱᠧᠦ᠂ ᠳ᠋ᠧᠦ ᠶᠢᠨ | ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠠᠴᠢᠶᠠᠯᠠᠪᠤᠷᠢ ᠪᠣᠯᠭᠠᠵᠤ᠂ ᠢᠨᠲ᠋ᠧᠷ ᠰᠦᠯᠵᠢᠶ᠎ᠡ ᠪᠠᠷ ᠠᠵᠢᠯ ᠤᠨ | ᠪᠠᠶᠢᠷᠢ ᠳᠠᠭᠠᠭᠤᠯᠬᠤ ᠰᠢᠨ᠎ᠡ ᠲᠤᠷᠰᠢᠯᠲᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠠᠵᠢᠯ ᠤᠨ ᠡᠳᠦᠷ ᠪᠦᠷᠢ ᠶᠢᠨ | ᠦᠳᠡ ᠶᠢᠨ ᠡᠮᠦᠨᠡᠬᠢ 10 ᠴᠠᠭ ᠲᠤ᠂ ︽ᠨᠢᠩᠴᠧᠩ ᠤᠨ ᠠᠵᠢᠯ ᠣᠯᠭᠤᠯᠲᠠ︾ ᠸᠢᠴᠠᠲ ᠤᠨ ᠸᠢᠳᠢᠤ᠋ ᠨᠣᠮᠧᠷ᠂ | ᠳ᠋ᠧᠦ ᠶᠢᠨ ᠲᠠᠩᠰᠠᠨ ᠨᠣᠮᠧᠷ᠂ ᠺᠤᠸᠠᠢ ᠱᠧᠦ ᠲᠠᠩᠰᠠᠨ ᠨᠣᠮᠧᠷ ᠲᠤ ᠨᠢᠭᠡ ᠴᠠᠭ ᠰᠢᠭᠤᠳ ᠨᠠᠪᠲᠠᠷᠡᠭᠦᠯᠵᠦ᠂ | 3000 ᠭᠠᠷᠤᠢ ᠬᠤᠪᠢ ᠲᠣᠪᠴᠢ ᠨᠠᠮᠲᠠᠷ ᠴᠤᠭᠯᠠᠭᠤᠯᠵᠤ᠂ 1500 ᠭᠠᠷᠤᠢ ᠬᠥᠮᠥᠨ ᠤ ᠠᠵᠢᠯ ᠣᠯᠬᠤ ᠶᠢ | ᠲᠦᠯᠬᠢᠨ ᠠᠬᠢᠭᠤᠯᠪᠠ᠃ |