| ᠨᠢᠭᠡ ᠳᠤ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠲᠡᠮᠡᠴᠡᠯ ᠤᠨ ᠦᠵᠡᠯ ᠰᠠᠨᠠᠭᠠᠨ ᠤ ᠦᠨᠳᠦᠰᠦᠨ ᠵᠦᠢᠯ ᠢ | ᠪᠠᠲᠤ ᠴᠣᠭᠴᠠᠯᠠᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠴᠢᠳᠠᠪᠤᠷᠢ ᠬᠡᠪ ᠴᠢᠨᠠᠷ ᠢ | ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢᠨ ᠨᠢᠭᠡᠳᠦᠭᠡᠷ ᠬᠤᠭᠤᠴᠠᠭ᠎ᠠ ᠶᠢ ᠵᠣᠬᠢᠶᠠᠨ ᠪᠠᠶᠢᠭᠤᠯᠵᠤ᠂ 17 | ᠬᠥᠮᠥᠨ ᠳᠤ ᠪᠣᠯᠪᠠᠰᠤᠷᠠᠯ ᠬᠦᠷᠲᠡᠭᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠷᠥ ᠶᠢᠨ | ᠪᠣᠳᠣᠯᠭ᠎ᠠ ᠶᠢ ᠣᠶᠢᠯᠠᠭᠠᠬᠤ᠂ ᠵᠠᠬ᠎ᠠ ᠳᠡᠯᠭᠡᠭᠦᠷ ᠢ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠵᠤ | ᠠᠬᠤᠶᠢᠯᠠᠯᠲᠠᠨ ᠢ ᠵᠣᠷᠢᠭᠵᠢᠭᠤᠯᠵᠤ ᠪᠠᠶᠢᠭᠠᠳ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠮᠠᠨᠳᠤᠭᠤᠯᠬᠤ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ | ᠠᠵᠤ ᠠᠬᠤᠶᠢᠯᠠᠯᠲᠠᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠨ᠎ᠠ᠃ ᠲᠣᠰᠬᠤᠨ ᠤ ᠠᠷᠠᠳ ᠲᠤ 5 | ᠤᠳᠠᠭ᠎ᠠ ᠶᠢᠨ ᠲᠤᠬᠠᠢ ᠶᠢᠨ ᠲᠠᠯᠠᠪᠠᠢ ᠶᠢᠨ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ 300 ᠲᠦᠮᠡᠨ ᠲᠥᠭᠦᠷᠢᠭ ᠤᠨ | ᠪᠡᠯᠡ ᠣᠷᠣᠭᠤᠯᠵᠤ ᠲᠣᠰᠬᠤᠨ ᠤ ᠵᠦᠪᠯᠡᠯ ᠤᠨ ᠠᠯᠪᠠᠨ ᠠᠰᠠᠷ ᠢ ᠵᠠᠰᠠᠵᠤ ᠴᠢᠮᠡᠭᠯᠡᠪᠡ᠃ ᠵᠡᠮᠳᠡᠭᠴᠦᠳ ᠲᠤ | ᠡᠪᠡᠳᠴᠢᠨ ᠦᠵᠡᠭᠦᠯᠬᠦ᠂ ᠲᠣᠰᠬᠤᠨ ᠤ ᠠᠷᠠᠳ ᠤᠨ ᠵᠥᠪᠯᠡᠯ ᠤᠨ ᠠᠯᠪᠠᠨ ᠤ ᠬᠠᠨᠳᠢᠪ ᠤᠨ ᠮᠥᠩᠭᠦ ᠵᠡᠷᠭᠡ ᠨᠡᠶᠢᠳᠡ | 4 ᠠᠵᠤ ᠠᠬᠤᠶᠢᠯᠠᠯ 4 ᠲᠣᠰᠬᠤᠨ ᠳᠤ ᠬᠦᠷᠴᠦ᠂ 305 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ | ᠨᠡᠶᠢᠳᠡ 10448 ᠬᠥᠮᠥᠨ ᠤ ᠠᠰᠢᠭ ᠬᠦᠷᠲᠡᠵᠡᠢ᠃ | ᠬᠤᠶᠠᠷ ᠲᠤ᠂ ᠬᠦᠴᠦᠨ ᠢᠶᠠᠨ ᠨᠢᠭᠲᠠᠷᠠᠭᠤᠯᠵᠤ᠂ ᠠᠵᠤ ᠠᠬᠤᠶᠢᠯᠠᠯ ᠳᠤ ᠪᠦᠬᠦ ᠦᠶᠡᠯᠡᠯ ᠤᠨ ᠬᠤᠭᠤᠴᠠᠭᠠᠨ ᠤ | ᠦᠢᠯᠡᠴᠢᠯᠡᠭᠡ ᠬᠠᠩᠭᠠᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︵ᠬᠤᠳᠠᠯᠳᠤᠭᠠᠴᠢᠳ ᠤᠨ ᠡᠪᠯᠡᠯ︶ ᠶᠢᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ | ᠬᠤᠷᠢᠶ᠎ᠠ ᠲᠠᠢ ᠬᠠᠮᠲᠤᠷᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯᠲᠠᠨ ᠢ | ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ ᠢ 10 ᠭᠠᠷᠤᠢ ᠤᠳᠠᠭ᠎ᠠ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠨ | 20 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ ᠵᠠᠰᠠᠭ ᠪᠠᠩᠬᠢ | ᠬᠢᠭᠡᠳ ᠠᠵᠤ ᠠᠬᠤᠶᠢᠯᠠᠯ ᠤᠨ ᠨᠡᠪᠲᠡᠷᠡᠯᠴᠡᠨ ᠬᠠᠮᠲᠤᠷᠠᠯᠴᠠᠬᠤ ᠲᠠᠪᠴᠠᠩ ᠢ ᠪᠠᠶᠢᠭᠤᠯᠵᠤ᠂ ᠮᠧᠩ ᠱᠠᠩ ᠪᠠᠩᠬᠢ ᠲᠠᠢ | ᠬᠤᠯᠪᠤᠭᠠᠯᠠᠨ 20 ᠭᠠᠷᠤᠢ ᠠᠵᠤ ᠠᠬᠤᠶᠢᠯᠠᠯ ᠲᠠᠢ ᠬᠤᠯᠪᠤᠭᠠᠯᠠᠨ ᠪᠠᠩᠬᠢ ᠬᠢᠭᠡᠳ ᠠᠵᠤ ᠠᠬᠤᠶᠢᠯᠠᠯ ᠤᠨ ᠶᠠᠷᠢᠯᠴᠠᠬᠤ | ᠬᠤᠷᠠᠯ᠂ ᠪᠠᠩᠬᠢ ᠬᠢᠭᠡᠳ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ 5 ᠤᠳᠠᠭ᠎ᠠ ᠬᠤᠷᠠᠯᠳᠤᠭᠤᠯᠵᠤ᠂ ᠪᠡᠯᠡ | ᠲᠣᠬᠢᠷᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ | ᠭᠤᠷᠪᠠ ᠳᠤ᠂ ᠤᠶᠤᠨ ᠤᠬᠠᠭᠠᠨ ᠢ ᠲᠥᠪᠯᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠤᠨᠢᠨ ᠳᠡᠭᠡᠷ᠎ᠡ ᠨᠢ | ᠬᠦᠴᠦᠯᠡᠬᠦ ᠳᠤ ᠬᠦᠴᠦ ᠨᠡᠮᠡᠷᠢᠯᠡᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠡᠩ ᠰᠠᠶᠢᠨ | ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠣᠭᠲᠠᠮᠠᠯ ᠬᠤᠭᠤᠴᠠᠭ᠎ᠠ ᠲᠠᠢ ᠪᠠᠷ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠰᠤᠷᠪᠤᠯᠵᠢᠯᠠᠵᠤ᠂ ᠬᠤᠳᠠᠯᠳᠤᠭᠠᠴᠢᠳ ᠤᠨ ᠡᠪᠯᠡᠯ ᠯᠦᠭᠡ ᠶᠢᠨ | ᠬᠠᠷᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯᠲᠠᠨ ᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠬᠤ ᠶᠢ ᠵᠣᠷᠢᠭᠵᠢᠭᠤᠯᠵᠤ᠂ ᠶᠠᠷᠢᠯᠴᠠᠬᠤ ᠬᠤᠷᠠᠯ ᠬᠤᠷᠠᠯᠳᠤᠭᠤᠯᠵᠤ ᠭᠦᠨᠵᠡᠭᠡᠢ ᠰᠣᠯᠢᠯᠴᠠᠵᠤ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠨ᠎ᠠ᠃ ᠴᠢᠳᠠᠪᠤᠷᠢᠲᠠᠨ ᠨᠥᠬᠦᠪᠦᠷᠢᠯᠡᠬᠦ ᠠᠷᠭ᠎ᠠ ᠵᠠᠮ ᠢ | ᠰᠠᠭᠠᠳ ᠦᠭᠡᠢ ᠨᠠᠪᠲᠠᠷᠡᠭᠦᠯᠵᠦ᠂ ᠳᠡᠭᠡᠳᠦ ᠰᠤᠷᠭᠠᠭᠤᠯᠢ ᠲᠠᠢ ᠵᠣᠯᠭᠠᠭᠤᠯᠤᠨ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠵᠢᠯᠴᠠᠭ᠎ᠠ ᠶᠢ ᠴᠢᠩᠭᠠᠳᠬᠠᠨ᠂ ᠡᠯ᠎ᠡ ᠠᠵᠢᠯ ᠲᠥᠷᠥᠯ ᠤᠨ ᠴᠢᠳᠠᠪᠤᠷᠢᠲᠠᠨ ᠢ ᠢᠯᠡᠷᠡᠭᠦᠯᠵᠦ᠂ ᠠᠵᠢᠯ ᠣᠯᠭᠤᠬᠤ | ᠪᠣᠯᠪᠠᠰᠤᠷᠠᠭᠤᠯᠤᠯ ᠤᠨ ᠠᠩᠭᠢ ᠡᠷᠭᠢᠯᠡᠨ᠂ ᠠᠵᠢᠯ ᠣᠯᠭᠤᠬᠤ ᠪᠠᠶᠢᠳᠠᠯ ᠢ ᠲᠣᠭᠲᠠᠪᠤᠷᠢᠵᠢᠭᠤᠯᠤᠨ᠎ᠠ᠃ |