| ᠨᠢᠭᠡ ᠯᠡ ᠴᠣᠩᠬᠤ ᠪᠠᠷ ᠦᠢᠯᠡᠴᠢᠯᠡᠵᠦ᠂ ᠤᠯᠠᠨ ᠲᠦᠮᠡᠨ ᠳᠤ︽ᠲᠦᠭᠦᠮ ᠦᠵᠡᠭᠦᠯᠦᠨ᠎ᠡ︾᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠲᠤᠰᠬᠠᠢ | ᠲᠣᠭᠤᠷᠢᠭ ᠨᠢ 20 ︽ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠴᠣᠩᠬᠤ᠂ 2 ︽ᠪᠥᠬᠦ ᠣᠷᠣᠨ ᠤ | ᠨᠡᠶᠢᠳᠡᠮ ᠰᠢᠢᠳᠪᠦᠷᠢᠯᠡᠬᠦ︾ ᠴᠣᠩᠬᠤ᠂ 1 ᠯᠠᠪᠯᠠᠭ᠎ᠠ ᠥᠭᠬᠦ ᠴᠣᠩᠬᠤ ᠪᠠ 1 ᠨᠢᠭᠡᠳᠦᠯᠲᠡᠢ ᠮᠠᠲ᠋ᠧᠷᠢᠶᠠᠯ ᠭᠠᠷᠭᠠᠬᠤ | ᠴᠣᠩᠬᠤ ᠪᠠᠷ ᠤᠤᠯ ᠤᠨ 19 ᠰᠠᠯᠠᠭ᠎ᠠ ᠮᠥᠴᠢᠷ ᠤᠨ ᠲᠠᠩ ᠵᠦᠢᠯ ᠤᠨ ᠴᠣᠩᠬᠤ ᠶᠢ ᠣᠷᠣᠯᠠᠭᠤᠯᠵᠤ᠂ | ᠭᠦᠢᠴᠡᠳᠬᠡᠵᠦ ᠪᠣᠯᠬᠤ ᠵᠦᠢᠯᠡᠰ ᠨᠢ ᠲᠢᠩᠬᠢᠮ ᠳᠤ ᠣᠷᠣᠬᠤ ᠶᠡᠷᠦᠩᠬᠡᠢ ᠵᠦᠢᠯᠡᠰ ᠤᠨ 99% ᠶᠢ ᠡᠵᠡᠯᠡᠵᠦ᠂ ︽ | ᠶᠡᠷᠦᠩᠬᠡᠶᠢᠯᠡᠭᠰᠡᠨ ᠨᠢᠭᠡ ᠴᠣᠩᠬᠤ᠂ ᠶᠡᠷᠦᠩᠬᠡᠢ ᠰᠠᠯᠠᠭᠠᠨ ᠤ ᠭᠥᠯᠢᠶᠡᠨ ᠠᠪᠴᠤ ᠰᠢᠢᠳᠪᠦᠷᠢᠯᠡᠬᠦ︾ ᠦᠢᠯᠡᠴᠢᠯᠡᠭᠡᠨ ᠤ | ᠵᠠᠭᠪᠤᠷ ᠨᠢ ᠣᠯᠠᠨ ᠲᠦᠮᠡᠨ ᠤ ︽ᠨᠢᠭᠡ ᠡᠭᠦᠳᠡ ᠪᠠᠷ ᠣᠷᠣᠵᠤ᠂ ᠨᠢᠭᠡ ᠴᠣᠩᠬᠤ ᠪᠠᠷ ᠠᠯᠢᠪᠠ ᠶᠠᠪᠤᠳᠠᠯ ᠢ | ᠭᠦᠢᠴᠡᠳᠬᠡᠬᠦ︾ ᠶᠢ ᠦᠨᠡᠨᠬᠦ ᠪᠡᠶᠡᠯᠡᠭᠦᠯᠪᠡ᠃ | ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠲᠤᠬᠠᠶᠢᠯᠠᠭᠰᠠᠨ ᠠᠵᠢᠯ ᠢ ︽ᠪᠣᠯᠪᠠᠰᠤᠷᠠᠩᠭᠤᠢ ᠡᠷᠬᠢᠯᠡᠨ᠎ᠡ︾᠃ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ | ᠠᠵᠢᠯᠲᠠᠨ ᠳᠤ ᠪᠥᠬᠦ ᠲᠠᠯ᠎ᠠ ᠶᠢᠨ ᠪᠣᠯᠪᠠᠰᠤᠷᠠᠭᠤᠯᠤᠯ ᠬᠢᠵᠦ᠂ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ ᠪᠠ | ᠵᠢᠱᠢᠶ᠎ᠡ ᠦᠵᠡᠭᠦᠯᠬᠦ ᠲᠣᠪᠬᠢᠮᠠᠯ ᠢ ᠵᠢᠷᠤᠮᠵᠢᠭᠤᠯᠤᠨ᠂ ᠰᠢᠰᠲ᠋ᠧᠮ ᠤᠨ ᠠᠵᠢᠯᠯᠠᠭ᠎ᠠ ᠶᠢᠨ ᠲᠣᠭᠤᠷᠢᠨ ᠳᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠢᠯᠭᠠᠭ᠎ᠠ ᠦᠭᠡᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ | ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠭᠠᠷ ᠳᠡᠪᠲᠡᠷ ᠢ ᠲᠣᠭᠲᠠᠭᠠᠨ ᠲᠡᠭᠦᠯᠳᠡᠷᠵᠢᠭᠦᠯᠵᠦ᠂ ᠪᠣᠶ ᠪᠦᠬᠦᠢ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠢ ᠦᠨᠡᠨ ᠬᠦ ᠲᠤᠬᠠᠶᠢᠯᠠᠭᠰᠠᠨ ᠠᠵᠢᠯ ᠢ | ᠭᠦᠢᠴᠡᠳᠬᠡᠬᠦ ᠶᠢᠨ ︽ᠶᠡᠷᠦᠩᠬᠡᠢ ᠰᠠᠯᠠᠭᠠᠨ ᠤ ᠴᠢᠳᠠᠪᠤᠷᠢᠲᠠᠨ︾ ᠪᠣᠯᠭᠠᠬᠤ ᠶᠢ ᠦᠨᠡᠨᠬᠦ ᠪᠠᠲᠤᠯᠠᠨ᠎ᠠ᠃ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠵᠢᠷᠤᠮᠵᠢᠭᠤᠯᠤᠨ ᠰᠢᠢᠳᠪᠤᠷᠢᠯᠡᠨ︾ ᠬᠢᠨᠠᠨ ᠵᠥᠪᠰᠢᠶᠡᠷᠡᠨ᠎ᠡ᠃ | ᠠᠩᠬ᠎ᠠ ᠠᠰᠠᠭᠤᠬᠤ ᠶᠢ ᠬᠠᠷᠢᠭᠤᠴᠠᠬᠤ᠂ ᠨᠢᠭᠡ ᠤᠳᠠᠭ᠎ᠠ ᠳᠤ ᠮᠡᠳᠡᠭᠳᠡᠬᠦ᠂ ᠴᠠᠭ ᠬᠢᠵᠠᠭᠠᠷᠯᠠᠨ ᠰᠢᠢᠳᠪᠦᠷᠢᠯᠡᠵᠦ | ᠳᠠᠭᠤᠰᠬᠠᠬᠤ ᠵᠡᠷᠭᠡ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ︽ᠡᠮᠦᠨ᠎ᠡ | ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ | ᠵᠥᠪᠰᠢᠶᠡᠷᠡᠬᠦ᠂ ᠨᠢᠭᠡᠳᠦᠯᠲᠡᠢ ᠴᠣᠩᠬᠤ ᠪᠠᠷ ᠮᠠᠲ᠋ᠧᠷᠢᠶᠠᠯ ᠭᠠᠷᠭᠠᠬᠤ︾ ᠦᠨᠳᠦᠰᠦᠨ ᠠᠵᠢᠯᠯᠠᠭᠠᠨ ᠤ ᠵᠠᠭᠪᠤᠷ ᠢ ᠪᠥᠬᠦ | ᠲᠠᠯ᠎ᠠ ᠪᠠᠷ ᠬᠡᠷᠡᠭᠵᠢᠭᠦᠯᠦᠨ᠎ᠡ᠃ ︽ᠤᠴᠢᠷ ᠶᠠᠪᠤᠳᠠᠯ ᠪᠦᠲᠦᠭᠡᠬᠦ ᠳᠤ ᠬᠡᠨ ᠢᠷᠡᠭᠰᠡᠨ ᠴᠦ ᠠᠳᠠᠯᠢᠬᠠᠨ᠂ ᠬᠡᠨ ᠰᠢᠭᠦᠭᠰᠡᠨ | ᠴᠦ ᠠᠳᠠᠯᠢ︾ ᠪᠠᠶᠢᠬᠤ ᠰᠠᠶᠢᠨ ᠰᠠᠶᠢᠬᠠᠨ ᠠᠵᠢᠯ ᠶᠠᠪᠤᠳᠠᠯ ᠡᠷᠬᠢᠯᠡᠬᠦ ᠠᠭᠤᠷ ᠠᠮᠢᠰᠬᠤᠯ ᠢ ᠪᠤᠢ ᠪᠣᠯᠭᠠᠨ᠎ᠠ᠃ | ᠶᠠᠷᠰᠢᠭ ᠲᠦᠪᠡᠭ ᠢ ᠠᠷᠢᠯᠭᠠᠵᠤ ᠲᠦᠭᠦᠮᠴᠢᠯᠡᠨ᠂ ᠤᠴᠢᠷ ᠶᠠᠪᠤᠳᠠᠯ ᠢ ︽ᠥᠨᠳᠥᠷ ᠪᠦᠲᠦᠮᠵᠢᠲᠡᠶ ᠪᠠᠷ | ᠰᠢᠢᠳᠪᠦᠷᠢᠯᠡᠨ᠎ᠡ︾᠃ ᠤᠴᠢᠷ ᠶᠠᠪᠤᠳᠠᠯ ᠰᠢᠢᠳᠪᠦᠷᠢᠯᠡᠬᠦ ᠤᠯᠠᠨ ᠲᠦᠮᠡᠨ ᠤ ᠤᠤᠯ ᠤᠨ ︽ᠨᠢᠭᠡ ᠶᠠᠪᠤᠳᠠᠯ ᠢ ᠤᠯᠠᠨ | ᠴᠣᠩᠬᠤ ᠪᠠᠷ ᠰᠢᠢᠳᠪᠦᠷᠢᠯᠡᠵᠦ︾ ᠪᠠᠶᠢᠭᠰᠠᠨ ᠢ ︽ᠨᠢᠭᠡ ᠴᠣᠩᠬᠤ ᠪᠠᠷ ᠤᠯᠠᠨ ᠶᠠᠪᠤᠳᠠᠯ ᠢ ᠰᠢᠢᠳᠪᠦᠷᠢᠯᠡᠬᠦ︾ ᠪᠣᠯᠭᠠᠨ | ᠬᠤᠪᠢᠷᠠᠭᠤᠯᠬᠤ ᠶᠢᠨ ᠵᠡᠷᠭᠡᠴᠡᠭᠡᠪᠡᠷ ︽ᠴᠠᠭ ᠬᠤᠭᠤᠴᠠᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ | ᠭᠤᠭᠴᠤᠭ᠎ᠠ ᠶᠢ ᠪᠠᠭᠠᠰᠬᠠᠬᠤ᠂ ᠬᠢᠨᠠᠨ ᠵᠥᠪᠰᠢᠶᠡᠷᠡᠬᠦ ᠶᠠᠪᠤᠴᠠ ᠶᠢ ᠪᠠᠭᠠᠰᠬᠠᠬᠤ︾ ᠵᠡᠷᠭᠡ ᠠᠷᠠᠳ ᠲᠤ ᠲᠦᠬᠦᠮ | ᠦᠵᠡᠭᠦᠯᠬᠦ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠤᠴᠢᠷ ᠶᠠᠪᠤᠳᠠᠯ | ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ ᠭᠤᠭᠴᠤᠭ᠎ᠠ ᠪᠠ ᠴᠠᠭ ᠬᠤᠭᠤᠴᠠᠭ᠎ᠠ ᠶᠢ ᠲᠤᠶᠢᠯ ᠤᠨ ᠶᠡᠭᠡ ᠪᠠᠷ | ᠪᠠᠭᠠᠰᠬᠠᠵᠤ᠂ ︽ᠨᠢᠭᠡ ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠤᠨ ᠰᠢᠢᠳᠪᠦᠷᠢᠯᠡᠵᠦ ᠪᠣᠯᠬᠤ | ᠤᠴᠢᠷ ᠶᠠᠪᠤᠳᠠᠯ ᠢ ︽ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ︾ ᠶᠢ ᠪᠡᠶᠡᠯᠡᠭᠦᠯᠪᠡ᠃ |