| ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠨᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ | ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠢ ᠬᠤᠯᠪᠣᠭᠳᠠᠵᠤ᠂ ᠲᠠᠷᠢᠶᠠᠴᠢᠳ ᠤᠨ ᠨᠢᠳᠦᠨ ᠳᠤ ᠦᠵᠡᠭᠳᠡᠵᠦ | ᠭᠠᠷ ᠲᠤ ᠪᠠᠷᠢᠭᠳᠠᠮ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ 2024 ᠣᠨ ᠳᠤ᠂ ᠳᠡᠭᠡᠷ᠎ᠡ | ᠬᠤᠷᠤᠭ᠎ᠠ ᠪᠠᠯᠭᠠᠰᠤ 2600 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠬᠤ ᠪᠠᠷ ᠲᠥᠯᠥᠪᠯᠡᠵᠦ ᠪᠣᠢ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠥᠯᠥᠭᠡ᠂ ᠭᠠᠵᠠᠷ | ᠰᠢᠷᠣᠢ ᠶᠢᠨ ᠡᠬᠡ ᠲᠠᠩᠰᠠ ᠶᠢ ᠤᠷᠢᠳ ᠢᠶᠠᠷ ᠡᠮᠬᠢᠯᠡᠨ ᠳᠢᠭᠯᠡᠵᠦ᠂ 30 ᠭᠠᠷᠤᠢ ᠺᠠᠳ᠋ᠷ ᠲᠣᠮᠢᠯᠠᠨ᠂ ᠬᠡᠰᠡᠭ | ᠳᠠᠭᠠᠭᠠᠴᠢᠯᠠᠭᠰᠠᠨ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠨ ᠲᠣᠰᠬᠤᠨ ᠳᠤ ᠣᠴᠢᠭᠤᠯᠵᠤ | ᠲᠥᠷᠥ ᠶᠢᠨ ᠪᠣᠳᠣᠯᠭ᠎ᠠ᠂ ᠨᠥᠬᠦᠪᠦᠷᠢ᠂ ᠪᠠᠶᠢᠭᠤᠯᠤᠯᠲᠠ ᠶᠢᠨ ᠲᠥᠰᠥᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠤᠬᠠᠭᠤᠯᠪᠠ᠃ | ᠬᠦᠢᠲᠡᠨ ᠬᠦᠯᠡᠮᠵᠢ ᠶᠢᠨ ᠪᠠᠶᠢᠭᠤᠯᠤᠯᠲᠠ ᠶᠢ ᠶᠠᠭᠠᠷᠠᠯᠳᠠᠢ ᠠᠬᠢᠭᠤᠯᠵᠤ᠂ ᠲᠦᠬᠦᠭᠡᠷᠤᠮᠵᠢᠲᠦ ᠲᠠᠷᠢᠶᠠᠯᠠᠩ ᠢ | ᠲᠣᠭᠲᠠᠭᠤᠨ ᠢᠶᠠᠷ ᠬᠦᠭᠵᠢᠭᠦᠯᠵᠦ᠂ ᠣᠲᠣ 7000 ᠮᠦ ᠬᠦᠢᠲᠡᠨ ᠬᠦᠯᠡᠮᠵᠢ ᠲᠠᠢ ᠪᠣᠯᠵᠤ᠂ ᠪᠥᠬᠦ ᠪᠠᠯᠭᠠᠰᠤᠨ ᠤ | ᠲᠦᠬᠦᠭᠡᠷᠤᠮᠵᠢᠲᠦ ᠲᠠᠷᠢᠶᠠᠯᠠᠩ ᠤᠨ ᠲᠠᠯᠠᠪᠠᠶ 3.9 ᠲᠦᠮᠡᠨ ᠮᠦ ᠳᠤ ᠬᠥᠷᠪᠡ᠃ 2024 ᠣᠨ ᠳᠤ᠂ 1000 ᠮᠦ | ᠬᠦᠢᠲᠡᠨ ᠬᠦᠯᠡᠮᠵᠢ ᠶᠢᠨ ᠪᠠᠶᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠂ 1000 ᠮᠦ ᠠᠵᠤ ᠦᠢᠯᠡᠰ ᠢ | ᠳᠡᠭᠡᠭᠰᠢᠯᠡᠭᠦᠯᠬᠦ᠂ 400 ᠮᠦ ᠨᠡᠷᠡᠨ ᠬᠦᠯᠡᠮᠵᠢ ᠶᠢᠨ ᠪᠠᠶᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ | ᠪᠤᠢ᠃ ᠳᠡᠭᠡᠷ᠎ᠡ ᠬᠤᠷᠤᠭ᠎ᠠ ᠪᠠᠯᠭᠠᠰᠤ ᠡᠷᠲᠡ ᠠᠴᠠ ᠠᠷᠭ᠎ᠠ ᠤᠬᠠᠭᠠᠨ ᠰᠦᠪᠡᠭᠴᠢᠯᠡᠵᠦ᠂ ᠬᠠᠪᠤᠷ ᠤᠨ | ᠲᠠᠷᠢᠶᠠᠯᠠᠭ᠎ᠠ ᠠᠴᠠ ᠡᠮᠦᠨ᠎ᠡ ᠭᠠᠵᠠᠷ ᠰᠢᠷᠣᠢ ᠲᠠᠲᠠᠪᠤᠷᠢᠯᠠᠬᠤ ᠶᠠᠪᠤᠳᠠᠯ ᠢ ᠵᠠᠪᠳᠤᠨ ᠲᠣᠬᠢᠷᠠᠭᠤᠯᠵᠤ᠂ ᠲᠠᠷᠢᠶᠠᠴᠢᠳ ᠤᠨ | ᠬᠠᠪᠤᠷ ᠤᠨ ᠲᠠᠷᠢᠶᠠᠯᠠᠭ᠎ᠠ ᠶᠢ ᠰᠠᠭᠠᠲᠠᠭᠠᠬᠤ ᠠᠴᠠ ᠵᠠᠶᠢᠯᠠᠰᠬᠢᠬᠦ ᠶᠢᠨ ᠲᠥᠯᠥᠭᠡ ᠡᠷᠲᠡ ᠠᠴᠠ ᠰᠦᠪᠡᠭᠴᠢᠯᠡᠪᠡ᠃ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠠᠭᠠᠷᠠᠤ ᠪᠠᠶᠢᠵᠦ᠂ ᠪᠠᠶᠢᠴᠠᠭᠠᠬᠤ | ᠳᠤᠭᠤᠶᠢᠯᠠᠩ ᠢ ᠵᠣᠬᠢᠶᠠᠨ ᠪᠠᠶᠢᠭᠤᠯᠵᠤ ᠪᠠᠯᠭᠠᠰᠤᠨ ᠤ ᠳᠣᠲᠣᠷᠠᠬᠢ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠳᠡᠯᠭᠡᠭᠦᠷ ᠪᠠ ᠲᠠᠷᠢᠶᠠᠴᠢᠨ ᠡᠷᠦᠬᠡ ᠶᠢᠨ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠨᠥᠭᠡᠴᠡ ᠶᠢ | ᠪᠠᠶᠢᠴᠠᠭᠠᠵᠤ᠂ ᠡᠬᠡ ᠳᠠᠩᠰᠠ ᠶᠢ ᠤᠷᠪᠠᠭᠤᠯᠤᠨ ᠦᠵᠡᠬᠦ᠂ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠤᠨ ᠲᠠᠷᠢᠶᠠᠨ ᠡᠮ᠂ | ᠬᠢᠮᠢ ᠶᠢᠨ ᠪᠣᠷᠳᠣᠭᠤᠷ᠂ ᠲᠠᠷᠢᠶᠠᠨ ᠦᠷ᠎ᠡ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠬᠠᠤᠯᠢ ᠶᠣᠰᠣᠴᠢ | ᠴᠢᠨᠠᠷ᠂ ᠵᠢᠷᠤᠮᠵᠢᠯᠳᠤ ᠴᠢᠨᠠᠷ ᠢ ᠣᠶᠢᠯᠠᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ | ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠦᠨᠡᠨ ᠬᠦ ᠪᠠᠲᠤᠯᠠᠨ᠎ᠠ᠃ ᠣᠳᠣᠬᠠᠨ ᠳᠤ᠂ ᠪᠥᠬᠦ | ᠪᠠᠯᠭᠠᠰᠤ ᠪᠠᠷ ᠢᠶᠠᠨ ᠡᠯ᠎ᠡ ᠵᠦᠢᠯ ᠤᠨ ᠴᠢᠨᠠᠷ ᠰᠠᠶᠢᠲᠠᠢ ᠬᠢᠮᠢ ᠶᠢᠨ ᠪᠣᠷᠳᠣᠭᠤᠷ 2500 ᠲᠣᠨ᠂ ᠵᠤᠵᠠᠭᠠᠨ | ᠪᠦᠷᠬᠦᠭᠦᠯ 150 ᠲᠣᠨ ᠠᠮᠢᠳᠤ ᠪᠣᠳᠠᠰ ᠤᠨ ᠵᠠᠳᠠᠷᠠᠭᠤᠯᠬᠤ ᠪᠦᠷᠬᠦᠭᠦᠯ 30 ᠲᠣᠨ᠂ ᠲᠠᠷᠢᠶᠠᠨ ᠡᠮ 10 ᠭᠠᠷᠤᠢ | ᠲᠣᠨ ᠬᠠᠳᠠᠭᠠᠯᠠᠵᠤ ᠪᠣᠶ᠃ | ᠮᠡᠷᠭᠡᠵᠢᠯ ᠤᠨ ᠲᠠᠯ᠎ᠠ ᠪᠠᠷ ᠬᠠᠪᠰᠤᠷᠤᠨ ᠵᠢᠯᠤᠭᠤᠳᠴᠤ᠂ ᠤᠨᠤᠯ ᠪᠠ ᠦᠢᠯᠡᠳᠦᠯᠭᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ 8 ᠬᠤᠭᠤᠴᠠᠭ᠎ᠠ ᠡᠷᠬᠢᠯᠡᠵᠦ᠂ ᠪᠣᠯᠪᠠᠰᠤᠷᠠᠯ ᠳᠤ ᠤᠷᠤᠯᠴᠠᠬᠰᠠᠨ | ᠬᠥᠮᠥᠨ ᠤ ᠲᠤᠭ᠎ᠠ 580 ᠬᠥᠮᠥᠨ ᠤᠳᠠᠭ᠎ᠠ ᠳᠤ ᠬᠦᠷᠴᠦ᠂ ᠲᠤᠰᠬᠠᠢ ᠮᠡᠷᠭᠡᠵᠢᠯ ᠤᠨ ᠲᠠᠷᠢᠶᠠᠯᠠᠩ ᠤᠨ | ᠮᠡᠷᠭᠡᠵᠢᠯᠲᠡᠨ ᠢ ᠤᠷᠢᠵᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠭᠦᠢᠬᠡᠨ ᠪᠤᠯᠠᠵᠤ ᠳᠤᠰᠤᠯᠭᠠᠨ | ᠤᠰᠤᠯᠠᠬᠤ ᠶᠢ ᠪᠠᠷᠢᠮᠵᠢᠶᠠᠵᠢᠭᠤᠯᠤᠨ ᠬᠠᠮᠢᠶᠠᠷᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠬᠦ | ᠬᠠᠮᠢᠶᠠᠷᠤᠯᠲᠠ ᠵᠡᠷᠭᠡ ᠮᠡᠷᠭᠡᠵᠢᠯ ᠢ ᠲᠠᠶᠢᠯᠪᠤᠷᠢᠯᠠᠪᠠ᠃ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠲᠠᠷᠢᠶᠠᠨ | ᠭᠠᠵᠠᠷ ᠲᠤ ᠬᠦᠷᠴᠦ᠂ ᠪᠣᠳᠠᠲᠠᠢ ᠲᠠᠶᠢᠯᠤᠮᠵᠢ ᠬᠢᠵᠦ᠂ ᠲᠠᠷᠢᠶᠠᠴᠢᠨ ᠡᠷᠦᠬᠡ ᠶᠢ ᠵᠢᠯᠣᠭᠤᠳᠤᠨ ᠭᠠᠵᠠᠷ ᠲᠡᠭᠰᠢᠯᠡᠬᠦ᠂ | ᠪᠣᠷᠳᠣᠭᠤᠷ ᠣᠷᠣᠭᠤᠯᠬᠤ᠂ ᠪᠦᠷᠬᠦᠭᠦᠯ ᠪᠦᠷᠬᠦᠬᠦ᠂ ᠦᠷ᠎ᠡ ᠲᠠᠷᠢᠬᠤ ᠪᠠ ᠳᠠᠷᠢᠬᠤ ᠴᠠᠭ ᠬᠤᠭᠤᠴᠠᠭ᠎ᠠ ᠶᠢᠨ ︽ | ᠲᠠᠪᠤᠨ ᠪᠣᠭᠤᠮᠲᠠ︾ ᠶᠢ ᠴᠢᠩᠭ᠎ᠠ ᠠᠳᠬᠤᠵᠤ᠂ ᠣᠯᠠᠨ ᠲᠦᠮᠡᠨ ᠢ ᠭᠠᠵᠠᠷ ᠲᠡᠭᠰᠢᠯᠡᠨ ᠳᠠᠯᠠᠩ ᠭᠠᠷᠭᠠᠵᠤ᠂ | ᠪᠦᠷᠬᠦᠭᠦᠯ ᠪᠦᠷᠬᠦᠬᠦ ᠶᠢ ᠵᠢᠷᠤᠮᠵᠢᠭᠤᠯᠤᠨ᠂ ᠵᠦᠢ ᠵᠣᠬᠢᠰᠲᠠᠢ ᠪᠠᠷ ᠪᠣᠷᠳᠣᠭᠤᠷ ᠣᠷᠣᠭᠤᠯᠵᠤ᠂ ᠰᠢᠨᠵᠢᠯᠡᠬᠦ | ᠤᠬᠠᠭᠠᠨᠴᠢ ᠪᠠᠷ ᠳᠠᠷᠢᠬᠤ ᠳᠤ ᠬᠦᠷᠦᠭᠦᠯᠦᠨ᠎ᠡ᠃ |