ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠡᠷᠭᠡᠵᠢᠯᠲᠡᠨ ᠨᠢᠩᠴᠧᠩ ᠳᠤ ᠢᠷᠡᠵᠦ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/11
ᠤᠶᠢᠷ᠎ᠠ ᠶᠢᠨ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠤᠰᠬᠠᠢ ᠮᠡᠷᠭᠡᠵᠢᠯᠲᠡᠨ ᠨᠢᠩᠴᠧᠩ ᠰᠢᠶᠠᠨ ᠳᠤ ᠢᠷᠡᠵᠦ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠥᠷᠨᠢᠭᠦᠯᠪᠡ᠃ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠡᠷᠭᠡᠵᠢᠯᠲᠡᠨ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭᠠᠲᠠᠨ᠂ ᠲᠠᠷᠢᠮᠠᠯ ᠤᠨ ᠲᠣᠮᠣ ᠡᠷᠦᠬᠡ᠂ ᠵᠢᠱᠢᠶ᠎ᠡ ᠦᠵᠡᠭᠦᠯᠬᠦ ᠡᠷᠦᠬᠡ ᠵᠡᠷᠭᠡ 230 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃ ᠨᠢᠩᠴᠧᠩ ᠰᠢᠶᠠᠨ ᠤᠯᠤᠰ ᠤᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ︵ᠡᠷᠳᠡᠨᠢ ᠰᠢᠰᠢ︶ ᠶᠢ ᠠᠵᠤ ᠦᠶᠢᠯᠡᠰᠵᠢᠭᠦᠯᠦᠨ ᠬᠡᠷᠡᠭᠯᠡᠬᠦ ᠲᠤᠷᠰᠢᠯᠲᠠ ᠶᠢᠨ ᠴᠢᠭ᠋ ᠪᠣᠯᠤᠭᠰᠠᠨ ᠤ ᠬᠤᠪᠢ ᠳᠤ᠂ ᠳᠠᠷᠢᠬᠤ ᠲᠠᠯᠠᠪᠠᠶ ᠨᠢ 44.3 ᠲᠦᠮᠡᠨ ᠮᠦ ᠳᠤ ᠬᠦᠷᠴᠦ᠂ ᠮᠢᠩᠭᠠᠨ ᠮᠦ ᠶᠢᠨ ᠭᠤᠣᠯ ᠵᠢᠱᠢᠶ᠎ᠡ ᠦᠵᠡᠭᠦᠯᠬᠦ ᠣᠷᠣᠨ ᠢ 2᠂ 500 ︱ 1000 ᠮᠦ ᠶᠢᠨ ᠭᠤᠣᠯ ᠵᠢᠱᠢᠶ᠎ᠡ ᠦᠵᠡᠭᠦᠯᠬᠦ ᠣᠷᠣᠨ ᠢ 3᠂ ᠪᠥᠬᠦ ᠲᠣᠰᠬᠤᠨ ᠢᠶᠠᠷ ᠲᠦᠯᠬᠢᠨ ᠠᠬᠢᠭᠤᠯᠬᠤ ᠲᠤᠷᠰᠢᠯᠲᠠ ᠶᠢᠨ ᠴᠢᠭ᠋ ᠤᠨ ᠲᠣᠰᠬᠤᠨ ᠢ 1 ᠪᠠᠶᠢᠭᠤᠯᠪᠠ᠃ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠤ ᠭᠠᠵᠠᠷ ᠤᠨ ᠬᠦᠴᠦᠨ ᠤ ᠵᠢᠱᠢᠶ᠎ᠡ ᠦᠵᠡᠭᠦᠯᠬᠦ ᠣᠷᠣᠨ ᠢ 1 ᠲᠦᠮᠡᠨ ᠮᠦ ᠪᠠᠶᠢᠭᠤᠯᠤᠨ ᠳᠡᠭᠡᠭᠰᠢᠯᠡᠭᠦᠯᠵᠦ᠂ ᠵᠢᠱᠢᠶ᠎ᠡ ᠦᠵᠡᠭᠦᠯᠬᠦ ᠣᠷᠣᠨ ᠤ ᠮᠦ ᠪᠦᠷᠢ ᠶᠢᠨ ᠳᠤᠮᠳᠠᠴᠢ ᠤᠨᠠᠯᠲᠠ ᠶᠢ 1100 ᠺᠢᠯᠣᠭ᠍ᠷᠠᠮ ᠠᠴᠠ ᠳᠡᠭᠡᠭᠰᠢ ᠳᠤ ᠬᠦᠷᠦᠭᠦᠯᠵᠦ᠂ ᠭᠠᠷᠤᠯᠲᠠ ᠶᠢᠨ ᠨᠡᠮᠡᠭᠳᠡᠯ ᠤᠨ ᠨᠣᠷᠮ᠎ᠠ ᠶᠢ 15.7% ᠳᠤ ᠬᠦᠷᠦᠭᠦᠯᠵᠦ᠂ ᠮᠦ ᠪᠦᠷᠢ ᠶᠢᠨ ᠬᠠᠮᠤᠭ ᠤᠨ ᠥᠨᠳᠥᠷ ᠤᠨᠠᠯᠲᠠ ᠶᠢ 1350 ᠺᠢᠯᠣᠭ᠍ᠷᠠᠮ ᠳᠤ ᠬᠦᠷᠦᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号