| ᠨᠢᠭᠡ ᠲᠠᠯ᠎ᠠ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠲᠦᠷᠦᠯ ᠵᠦᠢᠯ ᠢᠶᠠᠨ ᠬᠦᠴᠦᠷᠬᠡᠭᠵᠢᠭᠦᠯᠵᠦ᠂ ᠬᠤᠳᠠ ᠶᠢᠨ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 2024 ᠣᠨ ᠳᠤ᠂ 2 | ᠨᠡᠶᠢᠲᠡ ᠶᠢᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 850 ᠲᠡᠷᠭᠡᠨ ᠵᠣᠭᠰᠣᠭᠠᠯ ᠢ ᠰᠢᠨ᠎ᠡ ᠪᠠᠷ | ᠨᠡᠮᠡᠭᠳᠡᠭᠦᠯᠬᠦ ᠪᠠᠷ ᠲᠥᠯᠥᠪᠯᠡᠵᠦ ᠪᠣᠶ᠃ ᠤᠰᠤ ᠪᠠᠷ ᠠᠷᠢᠭᠤᠳᠬᠠᠬᠤ ᠨᠡᠶᠢᠲᠡ ᠶᠢᠨ ᠵᠣᠷᠯᠣᠩ ᠢ 3 ᠰᠢᠨ᠎ᠡ ᠪᠠᠷ | ᠪᠠᠶᠢᠭᠤᠯᠤᠨ᠎ᠠ᠃ ᠳ᠋ᠠ ᠮᠢᠩ ᠵᠡᠭᠡᠯᠢ ᠶᠢᠨ ᠪᠦᠰᠡᠯᠢᠭ ᠴᠡᠴᠡᠷᠯᠢᠭ ᠢ ᠪᠠᠷᠢᠯᠭ᠎ᠠ ᠡᠬᠢᠯᠡᠭᠦᠯᠦᠨ ᠪᠠᠶᠢᠭᠤᠯᠵᠤ᠂ | ᠨᠣᠭᠤᠭᠠᠷᠠᠭᠤᠯᠤᠯᠲᠠ ᠶᠢᠨ ᠲᠠᠯᠠᠪᠠᠢ ᠶᠢ 4000 ᠲᠡᠭᠰᠢ ᠳᠥᠷᠪᠡᠯᠵᠢᠨ ᠮᠧᠲᠷ ᠣᠷᠴᠢᠮ ᠰᠢᠨ᠎ᠡ ᠪᠠᠷ ᠨᠡᠮᠡᠭᠳᠡᠭᠦᠯᠦᠨ᠎ᠡ᠃ | ᠵᠠᠮ ᠤᠨ ᠳ᠋ᠧᠩ ᠢ133 ᠤᠭᠰᠠᠷᠠᠬᠤ ᠪᠠ ᠡᠨᠧᠷᠭᠢ ᠠᠷᠪᠢᠯᠠᠬᠤ ᠳ᠋ᠧᠩ ᠤᠨ ᠬᠡᠷᠡᠭᠰᠡᠯ ᠢ 345 ᠰᠣᠯᠢᠵᠦ᠂ ᠭᠤᠣᠯ | ᠬᠤᠲᠠ ᠶᠢᠨ ᠲᠣᠭᠤᠷᠢᠭ ᠤᠨ ᠵᠠᠮ ᠤᠨ ᠳ᠋ᠧᠩ ᠤᠨ ᠪᠠᠯᠠᠢ ᠣᠷᠣᠨ ᠢ ᠪᠥᠬᠦ ᠲᠠᠯ᠎ᠠ ᠪᠠᠷ ᠠᠷᠢᠯᠭᠠᠨ᠎ᠠ᠃ ᠪᠠᠷᠢᠯᠭ᠎ᠠ ᠶᠢᠨ | ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ᠂ ᠠᠮᠢᠳᠤᠷᠠᠯ ᠤᠨ ᠬᠤᠭ ᠨᠣᠪᠰᠢ ᠶᠢ | ᠰᠢᠲᠠᠭᠠᠵᠤ ᠴᠠᠬᠢᠯᠭᠠᠨ ᠭᠠᠷᠭᠠᠬᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠵᠢᠴᠢ ᠬᠤᠭ ᠪᠤᠯᠠᠬᠤ ᠲᠠᠯᠠᠪᠤᠷ ᠤᠨ | ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠭ ᠨᠣᠪᠰᠢ ᠶᠢ ᠰᠢᠢᠳᠪᠦᠷᠢᠯᠡᠬᠦ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ | ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠦᠨ᠎ᠡ᠃ | ᠨᠥᠭᠦᠭᠡ ᠲᠠᠯ᠎ᠠ ᠪᠠᠷ ᠨᠠᠷᠢᠯᠢᠭᠵᠢᠭᠤᠯᠵᠤ᠂ ᠪᠠᠶᠢᠩᠭᠤᠵᠢᠭᠤᠯᠵᠤ᠂ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ | ᠵᠠᠰᠠᠬᠤ ᠶᠢ ᠴᠢᠩᠭᠠᠳᠬᠠᠨ᠎ᠠ᠃ ᠬᠠᠤᠯᠢ ᠠᠴᠠ ᠵᠥᠷᠢᠴᠡᠭᠰᠡᠨ ᠪᠠᠶᠢᠭᠤᠯᠤᠯᠲᠠ ᠶᠢᠨ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠵᠦ᠂ ᠱᠤᠸᠠᠩ ᠶᠢᠩ ᠵᠡᠭᠡᠯᠢ ᠶᠢᠨ ᠡᠮᠦᠨ᠎ᠡ ᠪᠡᠶ᠎ᠡ ᠶᠢᠨ ᠬᠠᠤᠯᠢ ᠠᠴᠠ ᠵᠥᠷᠢᠴᠡᠭᠰᠡᠨ | 4000 ᠭᠠᠷᠤᠢ ᠲᠡᠭᠰᠢ ᠳᠥᠷᠪᠡᠯᠵᠢᠨ ᠮᠧᠲᠷ ᠤᠨ 46 ᠭᠠᠵᠠᠷ ᠢ ᠴᠡᠭᠴᠡᠯᠡᠬᠦ ᠪᠠᠷ ᠲᠥᠯᠥᠪᠯᠡᠵᠦ ᠪᠣᠶ᠃ ᠬᠤᠭ | ᠲᠣᠭᠤᠰᠣ ᠶᠢ ᠵᠠᠰᠠᠬᠤ ᠶᠢ ᠴᠢᠩᠭᠠᠷᠠᠭᠤᠯᠤᠨ᠂ ᠪᠠᠷᠢᠯᠭ᠎ᠠ ᠶᠢᠨ ᠭᠠᠵᠠᠷ᠂ ᠵᠠᠮ ᠲᠡᠭᠡᠭᠡᠪᠦᠷᠢ ᠶᠢᠨ ᠬᠠᠮᠢᠶᠠᠷᠤᠨ ᠡᠵᠡᠮᠳᠡᠬᠦ | ᠡᠷᠴᠢᠮ ᠢ ᠴᠢᠩᠭᠠᠷᠠᠭᠤᠯᠵᠤ᠂ ᠬᠤᠲᠠ ᠶᠢᠨ ᠵᠠᠮ ᠤᠨ ᠮᠠᠰᠢᠨᠴᠢᠯᠠᠭᠰᠠᠨ ᠠᠷᠢᠭᠤᠨ ᠴᠡᠪᠡᠷ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠣᠯᠳᠠᠯᠭ᠎ᠠ ᠲᠠᠢ ᠵᠠᠰᠠᠵᠤ᠂ | ᠳᠤᠷ᠎ᠠ ᠪᠠᠷ ᠢᠶᠠᠨ ᠴᠠᠬᠢᠯᠭᠠᠨ ᠴᠡᠨᠡᠭᠯᠡᠵᠦ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ | ᠲᠠᠯᠪᠢᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠵᠠᠰᠠᠵᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠶᠠᠰᠤ | ᠴᠢᠨᠠᠷ ᠢ ᠰᠠᠶᠢᠵᠢᠷᠠᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | |