| ᠦᠨᠳᠦᠰᠦᠨ ᠲᠠᠷᠢᠶᠠᠨ ᠭᠠᠵᠠᠷ ᠤᠨ ᠮᠦ ᠪᠦᠷᠢ ᠶᠢᠨ ᠤᠨᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ ᠺᠧᠨ | ᠶᠢᠩᠽᠢ ᠶᠢᠨ ᠵᠡᠭᠦᠨ ᠲᠣᠰᠬᠤᠨ᠂ ᠮᠠ ᠵᠠᠨ ᠴᠧᠩ ᠽᠢ ᠲᠣᠰᠬᠤᠨ ᠳᠤ 5000 ᠮᠦ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠷᠥᠰᠥ ᠰᠢᠷᠣᠢ ᠶᠢᠨ ᠨᠥᠬᠦᠴᠡᠯ ᠢ ᠠᠯᠬᠤᠮ ᠠᠯᠬᠤᠮ ᠢᠶᠠᠷ | ᠰᠠᠶᠢᠵᠢᠷᠠᠭᠤᠯᠵᠤ᠂ ᠬᠥᠷᠥᠰᠥ ᠰᠢᠷᠣᠢ ᠶᠢᠨ ᠰᠢᠮ᠎ᠡ ᠲᠡᠵᠢᠭᠡᠯ᠂ ᠬᠦᠴᠦ ᠰᠢᠮ᠎ᠡ ᠶᠢ ᠨᠡᠮᠡᠭᠳᠡᠭᠦᠯᠦᠨ᠂ ᠵᠢᠵᠢᠭ ᠲᠠᠷᠢᠶᠠᠨ | ᠭᠠᠵᠠᠷ ᠢ ᠶᠡᠭᠡ ᠲᠠᠷᠢᠶᠠᠨ ᠭᠠᠵᠠᠷ ᠲᠤ ︽ᠨᠡᠶᠢᠯᠡᠭᠦᠯᠬᠦ︾ ᠬᠡᠮᠵᠢᠶᠡᠨ ᠳᠤ ᠬᠦᠷᠦᠭᠦᠯᠵᠦ᠂ ᠲᠠᠷᠢᠶᠠᠨ ᠭᠠᠵᠠᠷ ᠲᠡᠭᠰᠢ | ᠵᠠᠯᠭᠠᠯᠳᠤᠭᠰᠠᠨ᠂ ᠠᠶᠢᠯ ᠲᠣᠰᠬᠤᠨ ᠴᠡᠪᠡᠷ ᠴᠡᠮᠴᠡᠭᠡᠷ ᠥᠩᠭᠡ ᠦᠵᠡᠮᠵᠢ ᠶᠢ ᠪᠣᠶ ᠪᠣᠯᠭᠠᠵᠤ᠂ ᠲᠠᠷᠢᠶᠠᠨ ᠭᠠᠵᠠᠷ ᠢ | ᠴᠡᠭᠴᠡᠯᠡᠨ ᠵᠠᠰᠠᠬᠤ᠂ ᠠᠵᠤ ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠵᠡᠷᠭᠡ ᠪᠠᠷ ᠲᠦᠯᠬᠢᠨ ᠠᠬᠢᠭᠤᠯᠬᠤ ᠶᠢ ᠪᠡᠶᠡᠯᠡᠭᠦᠯᠦᠨ᠎ᠡ᠃ | ᠲᠡᠷᠢᠭᠦᠨ ᠤ ᠲᠠᠷᠢᠮᠠᠯ ᠤᠨ ᠮᠡᠷᠭᠡᠵᠢᠯ ᠢ ᠤᠷᠤᠭᠤᠯᠤᠨ᠎ᠠ᠃ ᠲᠣᠰ ᠭᠠᠵᠠᠷ ᠣᠷᠣᠨ ᠤ ᠲᠠᠷᠢᠮᠠᠯ ᠤᠨ ᠲᠣᠮᠣ | ᠡᠷᠦᠬᠡ ᠶᠢᠨ ᠮᠠ ᠵᠠᠨ ᠴᠧᠩ ᠽᠢ ᠲᠣᠰᠬᠤᠨ᠂ ᠡᠯ ᠺᠧᠨ ᠶᠢᠩᠽᠢ ᠶᠢᠨ ᠵᠡᠭᠦᠨ ᠲᠣᠰᠬᠤᠨ᠂ ᠰᠠᠨ ᠰᠢᠩ ᠵᠤᠸᠠᠩ | ᠵᠡᠷᠭᠡ ᠲᠣᠰᠬᠤᠨ ᠳᠤ 7000 ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠶᠢ ᠭᠤᠣᠯᠳᠠᠯᠭ᠎ᠠ ᠲᠠᠢ | ᠪᠣᠶᠢᠵᠢᠭᠤᠯᠵᠤ᠂ ᠲᠦᠮᠡᠨ ᠮᠦ ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠬᠤ ᠶᠢᠨ ᠬᠠᠮᠲᠤ᠂ ᠡᠯ᠎ᠡ ᠲᠣᠰᠬᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠮᠥᠰᠥ᠂ ᠴᠠᠭᠠᠨ ᠨᠣᠭᠤᠭ᠎ᠠ᠂ ᠨᠠᠪᠴᠢᠨ ᠲᠠᠮᠠᠬᠢ᠂ ᠰᠣᠩᠭᠢᠨ᠎ᠠ ᠵᠡᠷᠭᠡ | 3000 ᠮᠦ ᠣᠨᠴᠠᠯᠢᠭᠲᠤ ᠲᠠᠷᠢᠮᠠᠯ ᠢ ᠳᠡᠯᠭᠡᠷᠡᠭᠦᠯᠦᠨ᠎ᠡ᠃ ᠬᠦᠢᠲᠡᠨ ᠬᠦᠯᠡᠮᠵᠢ ᠬᠥᠭᠵᠢᠭᠦᠯᠬᠦ ᠰᠠᠨᠠᠭ᠎ᠠ ᠲᠠᠢ 70 | ᠭᠠᠷᠤᠢ ᠡᠷᠦᠬᠡ ᠶᠢᠨ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠲᠡᠷᠢᠭᠦᠨ ᠤ ᠭᠠᠵᠠᠷ ᠣᠷᠣᠨ ᠳᠤ ᠣᠴᠢᠭᠤᠯᠵᠤ | ᠲᠠᠷᠢᠮᠠᠯ ᠤᠨ ᠲᠤᠷᠰᠢᠯᠭ᠎ᠠ ᠶᠢ ᠰᠤᠷᠤᠯᠴᠠᠭᠤᠯᠵᠤ᠂ ᠬᠡᠷᠡᠭᠯᠡᠬᠦ ᠭᠠᠵᠠᠷ ᠢᠶᠠᠨ ᠰᠣᠯᠢᠯᠴᠠᠬᠤ᠂ ᠵᠢᠭᠡᠯᠡᠯᠭᠡ ᠶᠢ | ᠵᠣᠬᠢᠴᠠᠭᠤᠯᠬᠤ᠂ ᠨᠥᠬᠦᠪᠦᠷᠢ ᠥᠭᠬᠦ᠂ ᠱᠠᠩᠨᠠᠨ ᠬᠥᠬᠢᠭᠦᠯᠬᠦ ᠵᠡᠷᠭᠡ ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ | ᠂ ᠤᠷᠳᠤ ᠬᠤᠭᠤᠴᠠᠭ᠎ᠠ ᠪᠠᠷ ᠲᠠᠷᠢᠶᠠᠯᠠᠩ ᠤᠨ ᠦᠢᠯᠡᠳᠪᠦᠷᠢᠯᠡᠯ ᠬᠢᠵᠦ ᠪᠠᠶᠢᠭ᠎ᠠ ᠨᠠᠮ ᠤᠨ ᠭᠡᠰᠢᠭᠦᠨ᠂ ᠲᠠᠷᠢᠮᠠᠯ ᠤᠨ | ᠲᠣᠮᠣ ᠡᠷᠦᠬᠡ ᠶᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ | ᠨᠡᠩ ᠤᠯᠠᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢ ᠶᠢᠨ ᠬᠦᠢᠲᠡᠨ ᠬᠦᠯᠡᠮᠵᠢ | ᠬᠦᠭᠵᠢᠬᠦᠯᠦᠨ᠎ᠡ᠃ | ᠮᠠᠯ ᠤᠨ ᠡᠭᠦᠯᠳᠡᠷ ᠢ ᠰᠢᠯᠢᠳᠡᠭᠵᠢᠭᠦᠯᠦᠨ ᠰᠠᠶᠢᠵᠢᠷᠠᠭᠤᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠮᠠᠯ ᠠᠵᠤ | ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠪᠣᠷᠳᠣᠵᠤ ᠲᠠᠷᠭᠤᠯᠠᠭᠤᠯᠬᠤ ᠦᠬᠡᠷ ᠤᠨ ᠵᠠᠬ᠎ᠠ | ᠳᠡᠯᠭᠡᠭᠦᠷ ᠤᠨ ᠦᠨ᠎ᠡ ᠬᠠᠩᠰᠢ ᠮᠠᠭᠤᠳᠠᠵᠤ ᠪᠠᠶᠢᠭ᠎ᠠ ᠬᠦᠴᠢᠷᠳᠡᠯ ᠤᠨ ᠡᠮᠦᠨ᠎ᠡ᠂ ᠭᠡᠭᠡᠨ ᠬᠤᠲᠠ ᠪᠠᠯᠭᠠᠰᠤ ᠶᠢᠨ ᠬᠢᠨ | ᠳᠣᠲᠣᠭᠠᠳᠤ ᠶᠢᠨ ᠬᠥᠳᠡᠯᠭᠡᠬᠦ ᠬᠦᠴᠦᠨ ᠢᠶᠠᠨ ᠪᠠᠳᠠᠷᠠᠭᠤᠯᠵᠤ᠂ ᠦᠷᠡᠵᠢᠭᠦᠯᠦᠨ ᠪᠣᠶᠢᠵᠢᠭᠤᠯᠤᠭᠰᠠᠨ ᠠᠯᠠᠰᠢᠨ | ᠦᠬᠡᠷ ᠤᠨ ᠡᠭᠦᠯᠳᠡᠷ ᠢ ᠲᠡᠰ ᠳᠡᠪᠰᠢᠭᠦᠯᠵᠦ᠂ ᠡᠯ ᠺᠧᠨ ᠰᠢ ᠲᠣᠰᠬᠤᠨ ᠳᠤ 2000 ᠲᠣᠯᠣᠭᠠᠢ ᠰᠢᠮᠧᠨ᠋ᠲ᠋ᠠᠷ ᠴᠢᠨᠠᠷ | ᠰᠠᠶᠢᠲᠠᠢ ᠠᠯᠠᠰᠢᠨ ᠦᠬᠡᠷ ᠢ ᠣᠷᠣᠭᠤᠯᠤᠨ᠂ ᠶᠠᠰᠤ ᠴᠢᠨᠠᠷ ᠠᠴᠠ ᠦᠷ᠎ᠡ ᠠᠰᠢᠭ ᠣᠯᠵᠤ᠂ ᠦᠬᠡᠷ ᠤᠨ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠡᠢ᠃ ᠨᠢᠩᠴᠧᠩ ᠤᠨ ᠸᠧᠨ ᠣᠪᠣᠭᠲᠤ ᠶᠢᠨ ᠬᠥᠲᠥᠴᠢ | ᠠᠵᠤ ᠠᠬᠤᠶᠢᠯᠠᠯ ᠳᠤ ᠲᠦᠰᠢᠭᠯᠡᠨ᠂ ᠭᠠᠰ ᠤᠨ ᠶᠢᠩᠽᠢ ᠳᠤ 2 ᠲᠦᠮᠡᠨ ᠭᠠᠭ᠋ᠠᠢ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠢ ᠰᠢᠨ᠎ᠡ ᠪᠠᠷ ᠪᠠᠶᠢᠭᠤᠯᠵᠤ᠂ ᠭᠡᠭᠡᠨ ᠬᠤᠲᠠ ᠪᠠᠯᠭᠠᠰᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ | ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ |