| ᠨᠢᠭᠡ ᠳᠤ᠂ ᠠᠵᠢᠯᠯᠠᠭ᠎ᠠ ᠶᠢ ᠥᠷᠨᠢᠭᠦᠯᠬᠦ ᠪᠠᠷ ᠠᠴᠢᠶᠠᠯᠠᠪᠤᠷᠢ ᠪᠣᠯᠭᠠᠵᠤ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ | ᠠᠭᠤᠰᠤᠯᠴᠠᠯ ᠢ ᠠᠬᠢᠭᠤᠯᠤᠨ᠎ᠠ᠃ ᠽᠢ ᠮᠧᠩ ᠬᠡᠦ ᠨᠠᠭᠤᠷ ᠤᠨ ᠤᠰᠤᠨ ᠳᠡᠭᠡᠷᠡᠬᠢ ᠡᠬᠢ ᠪᠠᠶᠠᠯᠢᠭ ᠲᠤ ᠲᠦᠰᠢᠭᠯᠡᠨ᠂ | ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ | ᠪᠣᠯᠭᠠᠵᠤ᠂ ︽ᠰᠣᠶᠣᠯ ᠵᠢᠭᠤᠯᠴᠢᠯᠠᠯ + ᠪᠡᠶ᠎ᠡ ᠶᠢᠨ ᠲᠠᠮᠢᠷ︾ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠤᠷᠢᠳ ᠬᠤᠵᠢᠳ ᠳᠤᠮᠳᠠᠳᠤ ᠤᠯᠤᠰ · ᠨᠢᠩᠴᠧᠩ ᠤᠨ ᠽᠢ ᠮᠧᠩ ᠬᠡᠦ ᠨᠠᠭᠤᠷ ᠤᠨ ᠣᠯᠠᠨ ᠤᠯᠤᠰ ᠤᠨ ᠨᠠᠷᠠᠲᠤ | ᠰᠤᠷᠭᠠᠭᠤᠯᠢ ᠶᠢᠨ ᠯᠤᠤᠲᠤ ᠣᠩᠭᠤᠴᠠᠨ ᠤ ᠤᠷᠤᠯᠳᠤᠭᠠᠨ᠂ ᠪᠥᠬᠦ ᠤᠯᠤᠰ ᠤᠨ ᠴᠠᠬᠢᠯᠭᠠᠨ ᠬᠥᠳᠡᠯᠭᠡᠭᠦᠷᠲᠦ | ᠳᠠᠪᠠᠯᠭᠠᠨ ᠥᠭᠰᠥᠬᠦ ᠬᠠᠪᠲᠠᠰᠤᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠥᠬᠦ ᠤᠯᠤᠰ ᠤᠨ ᠴᠠᠬᠢᠯᠭᠠᠨ | ᠬᠥᠳᠡᠯᠭᠡᠭᠦᠷᠲᠦ ᠳᠠᠪᠠᠯᠭᠠᠨ ᠥᠭᠰᠥᠬᠦ ᠬᠠᠪᠲᠠᠰᠤᠨ ᠤ ᠬᠤᠯᠪᠣᠭᠠᠲᠤ ᠤᠷᠤᠯᠳᠤᠭᠠᠨ ᠵᠡᠷᠭᠡ ᠲᠣᠮᠣ ᠬᠡᠯᠪᠡᠷᠢ ᠶᠢᠨ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠪᠡ᠃ ᠢᠯᠠᠩᠭᠤᠶ᠎ᠠ ︽2024 ᠨᠢᠩᠴᠧᠩ · ᠽᠢ | ᠮᠧᠩ ᠬᠡᠦ ᠨᠠᠭᠤᠷ ᠤᠨ ᠡᠪᠦᠯ ᠤᠨ ᠵᠢᠭᠠᠰᠤ ᠠᠩᠨᠠᠬᠤ ᠵᠢᠭᠤᠯᠴᠢᠯᠠᠯ ᠤᠨ ᠪᠠᠶᠠᠷ︾ ᠤᠨ ᠬᠤᠭᠤᠴᠠᠭᠠᠨ ᠳᠤ | ᠶᠠᠪᠤᠭᠳᠠᠭᠰᠠᠨ ︽ᠽᠢ ᠮᠧᠩ ᠬᠡᠦ ᠬᠤᠨᠳᠠᠭᠠᠲᠤ︾ ᠪᠥᠬᠦ ᠤᠯᠤᠰ ᠤᠨ ᠵᠢᠭᠠᠰᠤ ᠭᠥᠬᠢᠳᠡᠬᠦ ᠤᠷᠤᠯᠳᠤᠭᠠᠨ ᠨᠢ | ᠪᠡᠭᠡᠵᠢᠩ᠂ ᠯᠢᠶᠣᠤᠨᠢᠩ᠂ ᠾᠧᠪᠧᠢ ᠵᠢᠴᠢ ᠡᠯ᠎ᠡ ᠬᠤᠰᠢᠭᠤ ᠰᠢᠶᠠᠨ ᠤ ᠬᠡᠳᠦᠨ ᠵᠠᠭᠤᠨ ᠵᠢᠭᠠᠰᠤ ᠭᠥᠬᠢᠳᠡᠬᠦ ᠳᠤᠷᠠᠲᠠᠢ | ᠬᠥᠮᠥᠰ ᠤᠨ ᠠᠩᠬᠠᠷᠤᠯ ᠢ ᠲᠠᠲᠠᠵᠠᠢ᠃ ᠡᠭᠦᠨ ᠤ ᠬᠠᠮᠲᠤ ᠪᠠᠰᠠ ᠵᠤᠭᠠᠴᠠᠭᠰᠠᠳ ᠲᠤ ᠮᠥᠰᠥ ᠳᠡᠭᠡᠷᠡᠬᠢ ᠲᠡᠰᠢᠯᠲᠡ᠂ | ᠮᠥᠰᠥ ᠴᠠᠰᠤᠨ ᠤ ᠲᠥᠭᠡᠷᠢᠯ ᠣᠷᠳᠣᠨ᠂ ᠲᠷᠠᠺᠲ᠋ᠣᠷ ᠢᠶᠠᠷ ᠴᠠᠭᠠᠷᠢᠭ ᠴᠢᠷᠤᠨ ᠭᠤᠯᠭᠤᠬᠤ ᠵᠡᠷᠭᠡ ᠡᠯ᠎ᠡ ᠵᠦᠢᠯ ᠤᠨ | ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠤᠭ᠎ᠠ ᠴᠡᠩᠭᠡᠯ ᠤᠨ ᠲᠦᠷᠦᠯ ᠵᠦᠢᠯ ᠢ ᠬᠠᠩᠭᠠᠵᠤ᠂ | ᠦᠨᠳᠦᠰᠦᠲᠡᠨ ᠤ ᠳᠠᠭᠤᠤ ᠪᠥᠵᠢᠭ ᠤᠨ ᠲᠣᠮᠣ ᠬᠡᠯᠪᠡᠷᠢ ᠶᠢᠨ ᠲᠣᠭᠯᠠᠯᠲᠠ᠂ ᠨᠠᠭᠤᠷ ᠢ ᠲᠠᠬᠢᠬᠤ ᠰᠦᠷ ᠵᠢᠪᠬᠤᠯᠠᠩᠲᠤ | ᠶᠣᠰᠣᠯᠠᠯ᠂ ᠲᠦᠷᠦᠭᠦᠦ ᠵᠢᠭᠠᠰᠤ ᠶᠢ ᠦᠨ᠎ᠡ ᠬᠠᠶᠠᠨ ᠬᠤᠳᠠᠯᠳᠤᠬᠤ ᠠᠵᠢᠯᠯᠠᠭ᠎ᠠ ᠨᠢ ᠵᠤᠭᠠᠴᠠᠭᠰᠠᠳ ᠲᠤ ᠪᠠᠶᠠᠷ | ᠪᠠᠶᠠᠰᠦᠯ ᠤᠯᠭᠤᠵᠦ᠂ ᠨᠢᠩᠴᠧᠩ ᠰᠢᠶᠠᠨ ᠤ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ | ᠠᠬᠢᠭᠤᠯᠵᠠᠢ᠃ | ᠬᠤᠶᠠᠷ ᠲᠤ᠂ ᠰᠢᠨ᠎ᠡ ᠶᠢ ᠡᠭᠦᠳᠬᠦ ᠬᠥᠭᠵᠢᠯᠲᠡ ᠪᠠᠷ ᠬᠥᠳᠡᠯᠭᠡᠬᠦ ᠬᠦᠴᠦᠨ ᠪᠣᠯᠭᠠᠵᠤ᠂ ᠰᠣᠶᠣᠯ ᠵᠤᠭᠠᠴᠠᠯ | ᠪᠡᠶ᠎ᠡ ᠶᠢᠨ ᠲᠠᠮᠢᠷ ᠤᠨ ᠠᠭᠤᠰᠤᠯᠴᠠᠯ ᠢ ᠠᠬᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ | ᠰᠠᠨᠠᠭᠠᠴᠢᠯᠠᠭ᠎ᠠ ᠠᠴᠠ ᠪᠠᠨ ︽ᠨᠣᠭᠤᠭ᠎ᠠ ᠵᠢᠮᠢᠰ ᠦᠬᠡᠷ︾ ᠭᠤᠷᠪᠠᠨ ᠶᠡᠭᠡ ᠳᠠᠪᠠᠭᠤᠯᠢᠭ ᠠᠵᠤ ᠦᠢᠯᠡᠰ ᠤᠨ | ᠲᠣᠭᠤᠷᠢᠨ ᠳᠤ ︽ᠵᠢᠭᠤᠯᠴᠢᠯᠠᠯ + ᠤᠷᠠᠨ ᠰᠠᠶᠢᠬᠠᠨ ᠤ ᠲᠣᠭᠯᠠᠯᠲᠠ︾᠂ ︽ᠵᠢᠭᠤᠯᠴᠢᠯᠠᠯ + ᠰᠣᠶᠣᠯ ᠤᠨ | ᠦᠵᠡᠰᠬᠦᠯᠡᠩ︾᠂ ︽ᠵᠢᠭᠤᠯᠴᠢᠯᠠᠯ + ᠰᠤᠳᠤᠯᠤᠨ ᠰᠤᠷᠤᠯᠴᠠᠬᠤ︾ ᠵᠡᠷᠭᠡ ᠠᠯᠢ ᠣᠯᠠᠨ ᠵᠢᠭᠤᠯᠴᠢᠯᠠᠯ ᠤᠨ | ᠦᠢᠯᠡᠰ ᠤᠨ ᠬᠡᠯᠪᠡᠷᠢ ᠪᠠᠶᠢᠳᠠᠯ ᠢ ᠬᠦᠴᠦᠯᠡᠨ ᠪᠤᠶ ᠪᠣᠯᠭᠠᠵᠤ᠂ ᠵᠢᠮᠢᠰ ᠨᠣᠭᠤᠭ᠎ᠠ ᠲᠡᠭᠦᠬᠦ᠂ ᠣᠶᠢᠷ᠎ᠠ ᠲᠡᠬᠦᠷᠭᠡ ᠳᠤ | ᠬᠡᠭᠡᠷ᠎ᠡ ᠪᠠᠭᠤᠳᠠᠯᠯᠠᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠣᠯᠭᠠᠵᠤ᠂ ᠪᠡᠶ᠎ᠡ ᠪᠠᠷ ᠢᠶᠠᠨ | ᠣᠶᠢᠯᠠᠭᠠᠬᠤ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠬᠡᠷᠡᠭᠯᠡᠭᠡᠨ ᠤ ᠰᠢᠨ᠎ᠡ ᠪᠠᠶᠢᠳᠠᠯ ᠢ | ᠭᠦᠨᠵᠡᠭᠡᠶᠢᠷᠡᠭᠦᠯᠵᠦ᠂ ᠵᠤᠭᠠᠴᠠᠭᠰᠠᠳ ᠲᠤ ᠰᠣᠶᠣᠯ ᠤᠷᠠᠯᠢᠭ ᠤᠨ ᠳᠤᠮᠳᠠ ᠠᠴᠠ ᠨᠤᠲᠤᠭ ᠤᠨ ᠠᠷᠠᠳ ᠤᠨ ᠵᠠᠩ | ᠰᠤᠷᠲᠠᠯ ᠢ ᠣᠶᠢᠯᠠᠭᠠᠭᠤᠯᠵᠤ᠂ ᠲᠡᠭᠦᠵᠦ ᠰᠣᠨᠢᠷᠬᠠᠬᠤ ᠳᠤᠮᠳᠠ ᠠᠴᠠ ᠬᠥᠳᠡᠭᠡ ᠶᠢᠨ ᠠᠮᠢᠳᠤᠷᠠᠯ ᠢ ᠣᠶᠢᠯᠠᠭᠠᠭᠤᠯᠵᠤ᠂ | ᠲᠠᠷᠢᠶᠠᠯᠠᠩ ᠤᠨ ᠶᠠᠪᠤᠳᠠᠯ ᠢ ᠣᠶᠢᠯᠠᠭᠠᠬᠤ ᠳᠤᠮᠳᠠ ᠠᠴᠠ ᠠᠭᠤᠯᠠ ᠤᠰᠤ ᠶᠢ ᠬᠠᠷᠠᠨᠡ᠃ ᠣᠳᠣᠬᠠᠨ ᠳᠤ᠂ ᠪᠥᠬᠦ | ᠰᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠣᠶᠣᠯ ᠵᠢᠭᠤᠯᠴᠢᠯᠠᠯ ᠤᠨ ᠦᠢᠯᠡᠳᠬᠦᠨ 20 ᠭᠠᠷᠤᠢ | ᠪᠠᠶᠢᠵᠤ᠂ 3 ᠲᠦᠮᠡ ᠭᠠᠷᠤᠢ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 10 ᠲᠦᠮᠡᠨ | ᠲᠥᠭᠦᠷᠢᠭ ᠪᠡᠶᠡᠯᠡᠭᠦᠯᠪᠡ᠃ | ᠭᠤᠷᠪᠠ ᠳᠤ᠂ ᠤᠬᠠᠭᠤᠯᠤᠨ ᠲᠠᠨᠢᠯᠴᠠᠭᠤᠯᠬᠤ ᠪᠠᠷ ᠭᠠᠷᠳᠠᠴᠠ ᠪᠣᠯᠭᠠᠵᠤ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ | ᠠᠭᠤᠰᠤᠯᠴᠠᠯ ᠢ ᠠᠬᠢᠭᠤᠯᠤᠨ᠎ᠠ᠃ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠤᠬᠠᠭᠤᠯᠬᠤ ᠠᠩᠭᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠶᠣᠯ ᠢ ᠦᠵᠡᠮᠵᠢ ᠶᠢᠨ ᠣᠷᠣᠨ ᠳᠤ ᠣᠷᠣᠭᠤᠯᠬᠤ᠂ ᠰᠢ | ᠲᠠᠭᠤᠤᠷᠢᠯᠢᠬ ᠢ ᠦᠵᠡᠮᠵᠢ ᠶᠢᠨ ᠣᠷᠣᠨ ᠳᠤ ᠣᠷᠣᠭᠤᠯᠬᠤ ᠵᠡᠷᠭᠡ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ | ᠤᠳᠬ᠎ᠠ ᠤᠷᠠᠯᠢᠭ ᠤᠨ ᠬᠡᠯᠪᠡᠷᠢ ᠪᠠᠷ ᠨᠢᠩᠴᠧᠩ ᠤᠨ ᠥᠯᠢᠭᠡᠷ ᠢ ᠶᠠᠷᠢᠨ᠎ᠠ᠃ ᠰᠣᠶᠣᠯ ᠤᠨ ᠪᠠᠷᠢᠭᠠᠳᠠ ᠶᠢᠨ | ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠪᠦᠯᠬᠦᠮ ᠵᠣᠬᠢᠶᠠᠨ ᠪᠠᠶᠢᠭᠤᠯᠤᠨ ᠪᠡᠭᠡᠵᠢᠩ | ᠬᠤᠳᠠ ᠶᠢᠨ ᠱᠢ ᠵᠢᠩ ᠱᠠᠨ ᠲᠣᠭᠤᠷᠢᠭ᠂ ᠾᠧᠪᠧᠢ ᠮᠤᠵᠢ ᠶᠢᠨ ᠯᠤᠸᠠᠨ ᠵᠧᠦ ᠬᠤᠳᠠ ᠳᠤ ᠬᠦᠷᠴᠦ᠂ ︽ | ᠨᠢᠩᠴᠧᠩ ᠤᠨ ᠰᠣᠶᠣᠯ ᠤᠨ ᠪᠠᠷᠢᠭᠠᠳᠠ ᠶᠢᠨ ᠲᠦᠮᠡᠨ ᠭᠠᠵᠠᠷ ᠤᠨ ᠠᠶᠠᠯᠠᠯ︾ ᠤᠨ ᠲᠠᠨᠢᠯᠴᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠪᠡ᠃ ᠡᠭᠦᠨ ᠠᠴᠠ ᠭᠠᠳᠠᠨ᠎ᠠ᠂ ︽ᠦᠨᠡᠨᠴᠢ ᠰᠢᠳᠤᠷᠭᠤ︾ ︽ᠠᠯᠮᠤᠷᠠᠳ ᠤᠯᠠᠶᠢᠪᠠ︾ | ᠵᠡᠷᠭᠡ ᠤᠯᠤᠰ ᠢᠶᠠᠨ ᠬᠠᠶᠢᠷᠠᠯᠠᠬᠤ ᠦᠵᠡᠯ ᠤᠨ ᠰᠢᠯᠢᠳᠡᠭ ᠪᠦᠲᠦᠭᠡᠯ ᠨᠢ ᠳᠤᠮᠳᠠᠳᠤ ᠤᠯᠤᠰ ᠤᠨ ᠫᠢᠩᠵᠢᠦᠶ | ᠵᠦᠴᠦᠭᠡ ᠶᠢᠨ ᠤᠷᠠᠯᠢᠭ ᠤᠨ ᠨᠠᠶᠢᠷ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ᠂ ᠪᠥᠬᠦ | ᠣᠷᠣᠨ ᠤ ᠰᠢᠯᠢᠳᠡᠭ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ ᠵᠡᠷᠭᠡ ᠲᠣᠮᠣ ᠬᠡᠯᠪᠡᠷᠢ ᠶᠢᠨ ᠲᠣᠭᠯᠠᠯᠲᠠ ᠶᠢᠨ | ᠤᠷᠠᠯᠢᠭ ᠤᠨ ᠨᠠᠶᠢᠷ ᠲᠤ ᠰᠢᠯᠢᠳᠡᠭ ᠬᠢᠷᠢ ᠪᠦᠲᠦᠮᠵᠢ ᠤᠯᠵᠦ᠂ ᠨᠢᠩᠴᠧᠩ ᠤᠨ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠨᠠᠩ ᠬᠦᠴᠦᠲᠡᠢ ᠳᠡᠭᠡᠭᠰᠢᠯᠡᠭᠦᠯᠦᠭᠰᠡᠨ ᠪᠠᠶᠢᠨ᠎ᠠ᠃ | |