ᠨᠢᠩᠴᠧᠩ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠰᠢᠨ᠎ᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/3/13
ᠨᠢᠭᠡ ᠳᠤ᠂ ᠳᠡᠭᠡᠳᠦ ᠪᠠᠶᠢᠷᠢ ᠪᠠᠷ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠳᠠᠶᠢᠴᠢᠯᠠᠯᠲᠠ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠳᠠᠭᠠᠳᠬᠠᠯ ᠳᠤ ᠤᠷᠤᠯᠴᠠᠭᠤᠯᠬᠤ ᠡᠭᠦᠷᠭᠡ ᠪᠠᠭᠤᠯᠭᠠᠵᠤ᠂ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠬᠡᠪᠴᠢᠶ᠎ᠡ ᠶᠢ ᠥᠷᠭᠡᠳᠬᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠢᠶᠠᠨ ᠤ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠢᠶᠠᠩ ᠪᠠᠯᠭᠠᠰᠤ ᠭᠤᠣᠯᠯᠠᠨ ᠬᠠᠷᠢᠭᠤᠴᠠᠭᠰᠠᠨ᠂ ᠲᠣᠰᠬᠤᠨ ᠤ ᠱᠠᠲᠤ ᠭᠤᠣᠯᠯᠠᠨ ᠠᠳᠬᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠲᠠᠲᠠᠪᠤᠷᠢᠯᠠᠨ ᠲᠤᠰᠢᠶᠠᠬᠤ ᠠᠵᠢᠯ ᠤᠨ ᠲᠣᠭᠲᠠᠴᠠ ᠶᠢ ᠪᠠᠶᠢᠭᠤᠯᠪᠠ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠨ ᠨᠡᠪᠲᠡᠷᠡᠯᠴᠡᠭᠡ ᠵᠣᠬᠢᠴᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 3 ᠲᠤᠰᠬᠠᠢ ᠠᠵᠢᠯ ᠤᠨ ᠳᠤᠭᠤᠶᠢᠯᠠᠩ ᠨᠡᠮᠡᠨ ᠪᠠᠶᠢᠭᠤᠯᠵᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠲᠠᠢ ᠵᠣᠯᠭᠠᠭᠤᠯᠤᠨ ᠬᠠᠷᠢᠯᠴᠠᠵᠤ᠂ ᠲᠠᠲᠠᠪᠤᠷᠢᠯᠠᠬᠤ ᠠᠵᠢᠯ ᠢ ᠬᠡᠰᠡᠭ ᠬᠤᠪᠢᠶᠠᠨ ᠬᠠᠷᠢᠭᠤᠴᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠳᠤ ᠴᠢᠩᠭ᠎ᠠ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃  ᠬᠤᠶᠠᠷ ᠲᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ ᠤᠨ ᠰᠢᠰᠲ᠋ᠧᠮ ᠳᠠᠬᠢ ᠲᠤᠭ᠎ᠠ ᠪᠠᠷᠢᠮᠲᠠ ᠯᠤᠭ᠎ᠠ ᠰᠠᠭᠤᠷᠢ ᠮᠡᠳᠡᠭᠡ ᠵᠠᠩᠭᠢ ᠶᠢᠨ ᠬᠠᠷᠢᠴᠠᠭᠤᠯᠤᠯ ᠬᠢᠬᠦ ᠪᠠᠷ ᠳᠠᠮᠵᠢᠭᠤᠯᠤᠨ ᠰᠢᠭᠰᠢᠨ ᠪᠠᠶᠢᠴᠠᠭᠠᠵᠤ᠂ ᠵᠠᠰᠠᠪᠤᠷᠢ ᠣᠷᠣᠭᠤᠯᠤᠭᠰᠠᠨ ᠬᠥᠮᠥᠰ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠡᠬᠡ ᠲᠠᠩᠰᠠ ᠪᠠᠶᠢᠭᠤᠯᠬᠤ ᠶᠢᠨ ᠬᠠᠮᠲᠤ ᠥᠩᠭᠡᠷᠡᠭᠰᠡᠨ ᠵᠢᠯ ᠤᠳ ᠤᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠯᠤᠭ᠎ᠠ ᠬᠠᠷᠢᠴᠠᠭᠤᠯᠤᠯ ᠬᠢᠵᠦ᠂ ᠲᠦᠮᠡ ᠭᠠᠷᠤᠢ ᠬᠥᠮᠥᠨ ᠢ ᠬᠠᠨᠳᠤᠯᠭ᠎ᠠ ᠲᠠᠢ ᠪᠠᠷ ᠰᠢᠪᠠᠳᠠᠨ ᠲᠤᠰᠢᠶᠠᠯᠭᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠠᠰᠢᠭᠯᠠᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠣᠨᠴᠠᠭᠠᠶ ᠬᠦᠴᠢᠷᠳᠡᠯᠲᠡᠢ ᠬᠠᠮᠲᠤᠯᠢᠭ ᠤᠨ ᠮᠡᠳᠡᠭᠡ ᠵᠠᠩᠭᠢ ᠶᠢᠨ ᠬᠥᠮᠥᠷᠭᠡ ᠶᠢ ᠴᠠᠭ ᠲᠤᠬᠠᠢ ᠳᠤᠨᠢ ᠲᠡᠭᠦᠯᠳᠡᠷᠵᠢᠭᠦᠯᠦᠨ᠂ 15 ᠡᠳᠦᠷ ᠪᠦᠷᠢ ᠳᠤ ᠨᠢᠭᠡ ᠤᠳᠠᠭ᠎ᠠ ᠮᠡᠳᠡᠭᠡ ᠵᠠᠩᠭᠢ ᠶᠢ ᠰᠤᠳᠤᠯᠤᠨ ᠮᠠᠭᠠᠳᠯᠠᠵᠤ᠂ ᠲᠤᠭ᠎ᠠ ᠪᠠᠷᠢᠮᠲᠠ ᠶᠢ ᠴᠠᠭ ᠢᠮᠠᠭᠲᠠ ᠰᠢᠨᠡᠳᠬᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠭᠤᠷᠪᠠ ᠳᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠤᠨ ᠠᠩᠭᠢ ᠪᠠᠶᠢᠭᠤᠯᠵᠤ᠂ ᠡᠯ᠎ᠡ ᠰᠢᠶᠠᠩ ᠪᠠᠯᠭᠠᠰᠤ ᠶᠢᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ᠂ ᠣᠷᠣᠯᠠᠨ ᠭᠦᠢᠴᠡᠳᠬᠡᠬᠦ ᠠᠵᠢᠯᠲᠠᠨ᠂ ᠪᠠᠯᠭᠠᠰᠤᠨ ᠤ ᠺᠠᠳ᠋ᠷ᠂ ᠲᠣᠰᠬᠤᠨ ᠤ ᠺᠠᠳ᠋ᠷ ᠲᠤ ᠲᠥᠷᠥ ᠶᠢᠨ ᠪᠣᠳᠣᠯᠭ᠎ᠠ ᠶᠢᠨ ᠪᠠ ᠠᠵᠢᠯᠯᠠᠭᠤᠯᠬᠤ ᠰᠢᠰᠲ᠋ᠧᠮ ᠤᠨ ᠪᠣᠯᠪᠠᠰᠤᠷᠠᠭᠤᠯᠤᠯ ᠬᠢᠵᠦ᠂ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ ᠪᠠ ᠵᠠᠷᠤᠳᠠᠯ ᠢ ᠬᠤᠷᠢᠶᠠᠨ ᠲᠤᠰᠢᠶᠠᠬᠤ ᠠᠯᠢᠪᠠ ᠠᠵᠢᠯ ᠢ ᠵᠥᠪ ᠣᠨᠣᠪᠴᠢᠲᠠᠶ ᠬᠢᠬᠦ ᠶᠢ ᠦᠨᠡᠨᠬᠦ ᠪᠠᠲᠤᠯᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠡᠮᠨᠡᠯᠭᠡ ᠳᠤ ᠣᠷᠣᠭᠤᠯᠬᠤ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠤᠨ 23 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠡᠯ᠎ᠡ ᠰᠢᠶᠠᠩ ᠪᠠᠯᠭᠠᠰᠤ ᠲᠣᠰᠬᠤᠨ ᠳᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠲᠤᠰᠬᠠᠢ ᠪᠤᠯᠤᠩ ᠢ 300 ᠭᠠᠷᠤᠢ ᠭᠠᠷᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠭᠠᠷ ᠳᠡᠪᠲᠡᠷ ᠢ 6 ᠲᠦᠮᠡ ᠭᠠᠷᠤᠢ ᠬᠤᠪᠢ ᠳᠠᠷᠤᠮᠠᠯᠯᠠᠨ ᠲᠠᠷᠬᠠᠭᠠᠵᠤ ᠂ ︽ᠬᠤᠶᠠᠷ ᠢ ᠲᠣᠭᠲᠠᠭᠠᠬᠤ︾ ᠪᠠᠶᠢᠭᠤᠯᠤᠮᠵᠢ ᠳᠤ ᠠᠰᠠᠭᠤᠨ ᠯᠠᠪᠯᠠᠬᠤ ᠴᠢᠭ᠋ ᠢ 300 ᠭᠠᠷᠤᠢ ᠭᠠᠷᠭᠠᠵᠤ᠂ ᠰᠢᠶᠠᠨ ᠤ ᠬᠡᠪᠴᠢᠶᠡᠨ ᠳᠠᠬᠢ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠤᠬᠠᠭᠤᠯᠭ᠎ᠠ ᠶᠢᠨ ᠯᠣᠽᠦ᠋ᠩ᠂ ᠬᠥᠨᠳᠡᠯᠡᠨ ᠪᠢᠴᠢᠭᠡᠰᠦ ᠵᠡᠷᠭᠡ ᠶᠢ 800 ᠭᠠᠷᠤᠢ ᠡᠯᠭᠦᠵᠦ᠂ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ 22 ᠬᠤᠪᠢ ᠨᠡᠶᠢᠲᠡᠯᠡᠵᠦ᠂ ᠤᠬᠠᠭᠤᠯᠭ᠎ᠠ ᠶᠢᠨ ᠠᠵᠢᠯ ᠢ ᠡᠴᠦᠰ ᠲᠤᠨᠢ ᠲᠤᠯᠲᠠᠯ᠎ᠠ ᠬᠢᠬᠦ ᠶᠢ ᠦᠨᠡᠨ ᠬᠦ  ᠪᠠᠲᠤᠯᠠᠨ᠎ᠠ᠃ ᠳᠥᠷᠪᠡ ᠳᠤ᠂ ᠴᠢᠩᠭ᠎ᠠ ᠬᠢᠨᠠᠨ ᠰᠢᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠨᠠᠮ ᠵᠠᠰᠠᠭ ᠤᠨ ᠬᠠᠷᠠᠯᠲᠠ ᠶᠢᠨ ᠬᠢᠨᠠᠨ ᠰᠢᠯᠭᠠᠯᠲᠠ ᠳᠤ ᠣᠷᠣᠭᠤᠯᠬᠤ ᠶᠢ ᠪᠠᠷᠢᠮᠲᠠᠯᠠᠵᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠳᠤ ᠬᠠᠷᠢᠭᠤᠴᠠᠯᠭ᠎ᠠ ᠶᠢᠨ ᠪᠢᠴᠢᠭ ᠪᠠᠭᠤᠯᠭᠠᠵᠤ᠂ ᠡᠭᠦᠷᠭᠡ ᠶᠢ ᠱᠠᠲᠤ ᠱᠠᠲᠤ ᠪᠠᠷ ᠬᠤᠪᠢᠶᠠᠷᠢᠯᠠᠨ᠂ ᠬᠠᠷᠠᠯᠲᠠᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠬᠤᠶᠠᠷ ᠠᠯᠪᠠᠨ ᠭᠡᠷ︾ ᠤᠨ ᠰᠢᠮᠳᠠᠭᠤᠯᠤᠨ ᠪᠠᠶᠢᠴᠠᠭᠠᠬᠤ ᠲᠠᠰᠤᠭ ᠨᠢ ᠡᠳᠦᠷ ᠲᠤ ᠰᠤᠳᠤᠯᠤᠨ ᠮᠠᠭᠠᠳᠯᠠᠬᠤ᠂ ᠭᠠᠷᠠᠭ ᠢᠶᠠᠷ ᠲᠣᠬᠢᠷᠠᠭᠤᠯᠬᠤ᠂ ᠬᠠᠭᠠᠰ ᠰᠠᠷ᠎ᠠ ᠪᠠᠷ ᠮᠡᠳᠡᠭᠡᠯᠡᠬᠦ ᠠᠷᠭ᠎ᠠ ᠮᠠᠶ᠋ᠢᠭ ᠢ ᠠᠪᠴᠤ᠂ ᠠᠵᠢᠯ ᠤᠨ ᠠᠬᠢᠴᠠ ᠶᠢ ᠴᠠᠭ ᠲᠤᠬᠠᠢ ᠳᠤᠨᠢ ᠰᠢᠮᠳᠠᠭᠤᠯᠤᠨ ᠪᠠᠶᠢᠴᠠᠭᠠᠨ᠎ᠠ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠡᠭᠦᠷᠭᠡ ᠪᠠᠨ ᠪᠡᠶᠡᠯᠡᠭᠦᠯᠦᠭᠡᠳᠦᠢ ᠰᠢᠶᠠᠩ ᠪᠠᠯᠭᠠᠰᠤ ᠲᠠᠢ ᠪᠣᠯᠵᠣᠨ ᠶᠠᠷᠢᠯᠴᠠᠨ᠎ᠠ᠃ ᠣᠲᠣ ᠪᠣᠯᠲᠠᠯ᠎ᠠ᠂ ᠪᠥᠬᠦ ᠰᠢᠶᠠᠨ ᠤ ᠳᠠᠭᠠᠳᠬᠠᠯ ᠳᠤ ᠣᠷᠣᠯᠴᠠᠭᠰᠠᠨ ᠬᠥᠮᠥᠨ 48.52 ᠲᠦᠮᠡ ᠳᠤ ᠬᠦᠷᠴᠦ᠂ ᠬᠤᠲᠠ ᠶᠢᠨ ᠲᠠᠰ ᠤᠨ ᠪᠠᠭᠤᠯᠭᠠᠭᠰᠠᠨ ᠡᠭᠦᠷᠭᠡ ᠶᠢᠨ 100.41% ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠨ ᠨᠣᠷᠮ᠎ᠠ ᠨᠢ ᠪᠥᠬᠦ ᠬᠤᠲᠠ ᠳᠤ ᠨᠢᠭᠡᠳᠦᠭᠡᠷ ᠲᠤ ᠤᠷᠤᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号